ᠦᠴᠦᠸᠠᠨ ᠰᠢᠶᠠᠨ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
     ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃ ᠲᠤᠰ ᠤᠳᠠᠭᠠᠨ ᠤ ᠠᠵᠢᠯᠯᠠᠭ᠎ᠠ ᠶᠢ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠬᠡᠷᠡᠭᠯᠡᠭᠴᠢᠳ ᠤᠨ ᠨᠡᠶᠢᠭᠡᠮᠯᠢᠭ ᠬᠠᠮᠲᠤᠷᠠᠨ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 14 ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠦᠴᠦᠸᠠᠨ ᠰᠢᠶᠠᠨ ᠤ ᠴᠢᠨᠠᠷ ᠰᠠᠶᠢᠲᠠᠢ ᠲᠠᠷᠢᠮᠠᠯ ᠤᠨ ᠨᠡᠶᠢᠭᠡᠮᠯᠢᠭ ᠵᠡᠷᠭᠡ 6 ᠠᠵᠢᠯ ᠲᠦᠷᠦᠯ ᠤᠨ ᠨᠡᠶᠢᠭᠡᠮᠯᠢᠭ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠬᠠᠮᠲᠤᠪᠠᠷ ᠣᠷᠣᠯᠴᠠᠵᠤ᠂ ᠮᠠᠰᠢ ᠤᠯᠠᠨ ᠣᠯᠠᠨ ᠲᠦᠮᠡᠨ ᠤ ᠲᠤᠬᠠᠢ ᠶᠢᠨ ᠲᠠᠯᠠᠪᠠᠢ ᠳᠤ ᠢᠷᠡᠵᠦ ᠬᠠᠷᠢᠯᠴᠠᠨ ᠬᠥᠳᠡᠯᠦᠯᠴᠡᠬᠦ ᠶᠢ ᠲᠠᠲᠠᠭᠰᠠᠨ ᠪᠠᠶᠢᠨ᠎ᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ︽ᠦᠴᠦᠸᠠᠨ ᠰᠢᠶᠠᠨ ᠬᠡᠷᠡᠭᠯᠡᠭᠡ ᠳᠤ ᠬᠠᠨᠤᠮᠵᠢᠲᠠᠶ ᠪᠠᠶᠢᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠤ ᠠᠬᠤᠶᠢᠯᠠᠯ ᠬᠠᠷᠢᠭᠤᠴᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ︾ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠰᠢᠨ᠎ᠡ ᠪᠠᠶᠢᠷᠢᠰᠢᠯ ᠢ ᠰᠠᠨᠠᠭᠠᠴᠢᠯᠠᠨ ᠪᠠᠶᠢᠭᠤᠯᠪᠠ᠃ ᠳᠠᠷᠠᠭ᠎ᠠ ᠨᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠲᠥᠯᠥᠭᠡᠯᠡᠭᠴᠢ ᠬᠠᠮᠲᠤ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠭᠠᠳᠠᠨᠠᠬᠢ ᠰᠢᠯᠲᠠᠭᠠᠨ ᠦᠭᠡᠢ ᠪᠠᠷ ᠪᠠᠷᠠᠭ᠎ᠠ ᠪᠤᠴᠠᠭᠠᠬᠤ︾ ᠡᠯᠭᠦᠭᠡ ᠪᠢᠴᠢᠭᠡᠰᠦ ᠳᠡᠭᠡᠷ᠎ᠡ ᠭᠠᠷ ᠤᠨ ᠥᠰᠥᠭ ᠵᠢᠷᠤᠵᠤ ᠠᠮᠠᠯᠳᠠᠪᠠ᠃
     ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠭᠠᠷᠭᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ᠂ ᠬᠤᠳᠠᠯ ᠬᠠᠭᠤᠷᠮᠠᠭ ᠢ ᠢᠯᠭᠠᠨ ᠲᠠᠨᠢᠬᠤ ᠤᠷ᠎ᠠ ᠮᠡᠷᠭᠡᠵᠢᠯ ᠵᠡᠷᠭᠡ ᠬᠡᠷᠡᠭᠯᠡᠭᠡᠨ ᠤ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠪᠠ᠃      ᠲᠣᠰ ᠤᠳᠠᠭᠠᠨ ᠤ 3.15 ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠨᠢ ᠪᠥᠬᠦ ᠨᠡᠶᠢᠭᠡᠮ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠴᠦᠸᠠᠨ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠦᠴᠦᠸᠠᠨ ᠰᠢᠶᠠᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠬᠡ ᠲᠡᠭᠰᠢ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ᠃  ︵ᠰᠣᠷᠪᠤᠯᠵᠢᠯᠠᠬᠴᠢ᠄ ᠴᠧᠩ ᠵᠢᠶᠦ᠋ᠨ ᠴᠢᠩ  ᠵᠧᠨ ᠶᠤᠸᠠᠨ ᠪᠦᠸᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号