ᠮᠠᠨ ᠤ ᠣᠷᠣᠨ ᠬᠥᠮᠥᠨ ᠬᠡᠷᠡᠭᠯᠡᠬᠦ ᠨᠢᠭᠡᠴᠢ ᠨᠦᠭᠦᠳ ᠲᠤ ᠭᠦᠲᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠰᠠᠨᠠᠭᠤᠯᠤᠮᠵᠢ ᠶᠢᠨ ᠵᠠᠬᠢᠳᠠᠯ ᠶᠠᠪᠤᠭᠤᠯᠪᠠ
ᠨᠡᠶᠢᠲᠡᠯᠡᠭᠰᠡᠨ ᠴᠠᠭ᠄
2025/3/17
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠭᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠵᠥᠪᠯᠡᠯ ᠠᠴᠠ ᠪᠦᠭᠦ ᠣᠷᠣᠨ ᠤ ᠬᠥᠮᠥᠨ ᠬᠡᠷᠡᠭᠯᠡᠬᠦ ᠨᠢᠭᠡᠴᠢ ᠨᠦᠭᠦᠳ ᠲᠤ ᠡᠨᠡ ᠵᠢᠯ ᠤᠨ ᠠᠩᠬᠠᠳᠠᠭᠴᠢ ᠭᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠰᠠᠨᠠᠭᠤᠯᠤᠮᠵᠢ ᠶᠢᠨ ᠵᠠᠬᠢᠳᠠᠯ ᠶᠠᠪᠤᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠬᠢᠨ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯᠴᠢᠨ ᠬᠡᠷᠡᠭᠯᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠡᠷᠡᠭᠲᠡᠢ ᠭᠡᠵᠦ ᠰᠠᠨᠠᠭᠤᠯᠪᠠ᠃      ᠰᠠᠨᠠᠭᠤᠯᠤᠮᠵᠢ ᠶᠢᠨ ᠵᠠᠬᠢᠳᠠᠯ ᠳᠤ᠂ ᠡᠯ᠎ᠡ ᠬᠥᠮᠥᠨ ᠬᠡᠷᠡᠭᠯᠡᠬᠦ ᠨᠢᠭᠡᠴᠢ ᠶᠢᠨ ᠬᠢᠨ ᠬᠠᠤᠯᠢ ᠶᠣᠰᠣᠭᠠᠷ ᠬᠥᠳᠡᠯᠮᠦᠷᠢᠴᠢᠨ ᠢ ᠡᠯᠰᠡᠨ ᠬᠡᠷᠡᠭᠯᠡᠬᠦ ᠬᠡᠷᠡᠭᠲᠡᠢ᠂ ᠬᠡᠦᠬᠡᠳ ᠠᠵᠢᠯᠴᠢᠨ ᠡᠯᠰᠡᠵᠦ ᠪᠤᠯᠬᠤ ᠦᠭᠡᠢ᠂ ᠦᠨᠳᠦᠰᠦᠲᠡᠨ᠂ ᠬᠦᠢᠰᠦ ᠢᠯᠭᠠᠯ ᠵᠢᠴᠢ ᠢᠨᠠᠭᠯᠠᠬᠤ᠂ ᠤᠷᠤᠭᠯᠠᠬᠤ᠂ ᠬᠡᠦᠬᠡᠳ ᠠᠪᠬᠤ ᠵᠡᠷᠭᠡ ᠲᠠᠯ᠎ᠠ ᠪᠠᠷ ᠬᠥᠳᠡᠯᠮᠦᠷᠢᠴᠢᠨ ᠤ ᠠᠵᠢᠯ ᠣᠯᠭᠤᠯᠲᠠ ᠶᠢ ᠬᠢᠵᠠᠭᠠᠷᠯᠠᠵᠤ ᠪᠤᠯᠬᠤ ᠦᠭᠡᠢ᠂ ᠲᠠᠪᠴᠠᠩ ᠤᠨ ᠠᠵᠤ ᠠᠬᠤᠶᠢᠯᠠᠯ ᠨᠢ ᠬᠥᠳᠡᠯᠮᠦᠷᠢᠴᠢᠨ ᠤ ᠣᠯᠠᠨ ᠲᠠᠪᠴᠠᠩ ᠳᠤ ᠠᠵᠢᠯ ᠣᠯᠬᠤ ᠶᠢ ᠬᠠᠤᠯᠢ ᠪᠤᠰᠤ ᠪᠠᠷ ᠬᠢᠵᠠᠭᠠᠷᠯᠠᠵᠤ ᠪᠤᠯᠬᠤ ᠦᠭᠡᠢ᠃ ᠬᠥᠳᠡᠯᠮᠦᠷᠢᠴᠢᠨ ᠲᠠᠢ ᠴᠠᠭ ᠲᠤᠬᠠᠢ ᠳᠤᠨᠢ ᠭᠦᠳᠡᠯᠮᠦᠷᠢ ᠶᠢᠨ ᠭᠡᠷ᠎ᠡ ᠲᠣᠭᠲᠠᠵᠤ᠂ ᠬᠤᠶᠠᠷ ᠲᠠᠯ᠎ᠠ ᠶᠢᠨ ᠡᠷᠬᠡ ᠡᠭᠦᠷᠭᠡ ᠶᠢ ᠬᠠᠤᠯᠢ ᠶᠣᠰᠣᠭᠠᠷ ᠲᠣᠭᠲᠠᠭᠠᠬᠤ ᠬᠡᠷᠡᠭᠲᠡᠢ᠃ ᠭᠦᠳᠡᠯᠮᠦᠷᠢ ᠶᠢᠨ ᠭᠡᠷ᠎ᠡ ᠶᠢᠨ ᠵᠦᠢᠯ ᠵᠤᠷᠪᠤᠰ ᠨᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠵᠦ᠂ ᠬᠤᠶᠠᠷ ᠲᠠᠯ᠎ᠠ ᠶᠢᠨ ᠡᠷᠬᠡ ᠪᠠ ᠡᠭᠦᠷᠭᠡ᠂ ᠣᠨᠴᠠᠭᠠᠶᠢᠯᠠᠨ ᠭᠦᠳᠡᠯᠮᠦᠷᠢ ᠶᠢᠨ ᠬᠥᠯᠥᠰᠦ ᠣᠯᠭᠤᠮᠵᠢ᠂ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠦᠭᠡ᠂ ᠨᠡᠶᠢᠭᠡᠮ ᠤᠨ ᠳᠠᠭᠠᠳᠬᠠᠯ ᠵᠡᠷᠭᠡ ᠴᠢᠬᠤᠯᠠ ᠠᠭᠤᠯᠭ᠎ᠠ ᠶᠢ ᠲᠣᠳᠣᠷᠬᠠᠶᠢᠯᠠᠬᠤ ᠭᠡᠷᠡᠭᠲᠡᠢ᠃ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠪ ᠤᠨ ᠭᠦᠳᠡᠯᠮᠦᠷᠢ ᠬᠠᠩᠭᠠᠭᠰᠠᠨ ᠬᠥᠳᠡᠯᠮᠦᠷᠢᠴᠢᠨ ᠳᠤ ᠲᠤᠬᠠᠢ ᠶᠢᠨ ᠭᠠᠵᠠᠷ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠭᠦᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠴᠦ᠂ ᠵᠦᠢ ᠵᠣᠬᠢᠰᠲᠠᠢ ᠴᠠᠯᠢᠩ ᠥᠰᠬᠡᠬᠦ ᠲᠣᠭᠲᠠᠴᠠ ᠶᠢ ᠪᠠᠶᠢᠭᠤᠯᠤᠨ᠂ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠷᠢᠯᠭ᠎ᠠ ᠪᠠᠷᠢᠬᠤ ᠨᠢᠭᠡᠴᠢ ᠠᠴᠠ ︽ᠬᠥᠯᠥᠰᠦᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠨ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠤᠨ ᠲᠤᠰᠬᠠᠢ ᠲᠠᠩᠰᠠᠨ ᠡᠷᠦᠭᠡ ᠶᠢ ᠪᠠᠶᠢᠭᠤᠯᠤᠨ ᠬᠡᠷᠡᠭᠯᠡᠵᠦ᠂ ᠵᠣᠭᠤᠰ ᠤᠨ ᠭᠡᠯᠪᠡᠷᠢ ᠪᠠᠷ ᠴᠠᠯᠢᠩ ᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠭᠡᠷᠡᠭᠲᠡᠢ᠃ ᠬᠥᠳᠡᠯᠮᠦᠷᠢᠴᠢᠳ ᠤᠨ ᠠᠵᠢᠯ ᠤᠨ ᠬᠡᠮᠵᠢᠶ᠎ᠡ ᠪᠠ ᠭᠦᠳᠡᠯᠮᠦᠷᠢ ᠶᠢᠨ ᠡᠷᠴᠢᠮ ᠢ ᠵᠣᠬᠢᠰᠲᠠᠢ ᠲᠣᠬᠢᠷᠠᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠦᠳᠡᠯᠮᠦᠷᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠭᠠᠷᠠᠭ ᠪᠦᠷᠢ ᠶᠢᠨ ᠠᠵᠢᠯᠯᠠᠬᠤ ᠴᠠᠭ ᠢ 44 ᠴᠠᠭ ᠠᠴᠠ ᠬᠡᠲᠦᠷᠡᠭᠦᠯᠵᠦ ᠪᠤᠯᠬᠤ ᠦᠭᠡᠢ᠂ ᠰᠠᠷ᠎ᠠ ᠪᠦᠷᠢ ᠶᠢᠨ ᠴᠠᠭ ᠨᠡᠮᠡᠵᠦ ᠠᠵᠢᠯᠯᠠᠬᠤ ᠨᠢ 36 ᠴᠠᠭ ᠠᠴᠠ ᠬᠡᠲᠦᠷᠡᠵᠦ ᠪᠤᠯᠬᠤ ᠦᠭᠡᠢ᠂ ᠦᠨᠡᠬᠡᠷ ᠴᠠᠭ ᠨᠡᠮᠡᠵᠦ ᠠᠵᠢᠯᠯᠠᠬᠤ ᠴᠢᠬᠤᠯᠠᠲᠠᠢ ᠪᠣᠯ ᠬᠠᠤᠯᠢ ᠶᠣᠰᠣᠭᠠᠷ ᠴᠠᠭ ᠨᠡᠮᠡᠵᠦ ᠠᠵᠢᠯᠯᠠᠭᠰᠠᠨ ᠴᠠᠯᠢᠩ ᠣᠯᠭᠤᠬᠤ ᠭᠡᠷᠡᠭᠳᠡᠢ᠃ ᠰᠢᠨ᠎ᠡ ᠭᠡᠯᠪᠡᠷᠢ  ᠶᠢᠨ ᠠᠵᠢᠯ ᠣᠯᠭᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠠᠵᠢᠯ ᠲᠥᠷᠥᠯ ᠤᠨ ᠴᠢᠨᠠᠷᠲᠠᠢ ᠬᠠᠮᠲᠤ ᠶᠢᠨ ᠵᠥᠪᠳᠡᠯᠴᠡᠭᠡ ᠥᠷᠨᠢᠭᠦᠯᠬᠦ ᠶᠢ ᠰᠠᠨᠠᠭᠠᠴᠢᠯᠠᠵᠤ᠂ ᠰᠢᠷᠬᠡᠭ ᠢᠶᠠᠷ ᠪᠤᠳᠤᠬᠤ ᠨᠢᠭᠡᠴᠢ ᠦᠨ᠎ᠡ᠂ ᠬᠤᠪᠢᠳᠠᠨ ᠠᠪᠬᠤ ᠬᠠᠷᠢᠴᠠᠯ᠂ ᠬᠥᠯᠥᠰᠦ ᠣᠯᠭᠤᠮᠵᠢ ᠥᠭᠬᠦ ᠠᠷᠭ᠎ᠠ᠂ ᠭᠦᠳᠡᠯᠮᠦᠷᠢ ᠶᠢᠨ ᠬᠡᠮᠵᠢᠶ᠎ᠡ ᠬᠢᠭᠡᠳ ᠭᠦᠳᠡᠯᠮᠦᠷᠢ ᠶᠢᠨ ᠡᠷᠴᠢᠮ᠂ ᠠᠵᠢᠯᠯᠠᠬᠤ ᠴᠠᠭ᠂ ᠭᠦᠳᠡᠯᠮᠦᠷᠢ ᠶᠢᠨ ᠠᠮᠤᠷ ᠲᠦᠪᠰᠢᠨ ᠬᠢᠭᠡᠳ ᠡᠷᠡᠭᠦᠯ ᠬᠠᠮᠠᠭᠠᠯᠠᠯ᠂ ᠵᠠᠬᠢᠶᠠᠯᠠᠭ᠎ᠠ ᠶᠢᠨ ᠬᠤᠪᠢᠶᠠᠷᠢᠯᠠᠯᠲᠠ᠂ ᠱᠠᠩᠨᠠᠵᠤ ᠲᠣᠷᠭᠠᠬᠤ ᠳᠦᠷᠢᠮ᠂ ᠨᠥᠬᠦᠪᠦᠷᠢ ᠳᠠᠭᠠᠳᠬᠠᠯ ᠵᠡᠷᠭᠡ ᠬᠥᠳᠡᠯᠮᠦᠷᠢᠴᠢᠨ ᠤ ᠡᠷᠬᠡ ᠠᠰᠢᠭ ᠲᠤ ᠰᠢᠭᠤᠳ ᠬᠤᠯᠪᠣᠭᠳᠠᠬᠤ ᠵᠦᠢᠯᠡᠰ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠭᠲᠠᠭᠠᠬᠤ ᠭᠡᠷᠡᠭᠲᠡᠢ᠃ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠯᠮᠦᠷᠢᠴᠢᠨ ᠤ ᠲᠤᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠳᠦᠷᠢᠮ ᠲᠣᠭᠲᠠᠭᠠᠯ ᠪᠤᠶᠤ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠪᠤᠶᠤ ᠲᠣᠭᠲᠠᠭᠠᠬᠤ ᠳᠠᠭᠠᠨ ᠠᠵᠢᠯᠴᠢᠨ ᠤ ᠡᠪᠯᠡᠯ ᠪᠠ ᠬᠥᠳᠡᠯᠮᠦᠷᠢᠴᠢᠨ ᠤ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠬᠤ ᠬᠡᠷᠡᠭᠲᠡᠢ᠃ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ᠂ ᠬᠠᠮᠲᠤ ᠪᠠᠷ ᠵᠥᠪᠳᠡᠯᠴᠡᠬᠦ ᠵᠡᠷᠭᠡ ᠭᠡᠯᠪᠡᠷᠢ ᠪᠠᠷ ᠳᠠᠮᠵᠢᠨ ᠬᠥᠳᠡᠯᠮᠦᠷᠢᠴᠢᠳ ᠢ ᠠᠵᠤ ᠠᠬᠤᠶᠢᠯᠠᠯ ᠤᠨ ᠬᠠᠮᠢᠶᠠᠷᠤᠯᠲᠠ ᠳᠤ ᠣᠷᠣᠯᠴᠠᠭᠤᠯᠵᠤ᠂ ᠬᠥᠳᠡᠯᠮᠦᠷᠢᠴᠢᠳ ᠤᠨ ᠠᠷᠠᠳᠴᠢᠯᠠᠯ ᠤᠨ ᠡᠷᠬᠡ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃      ᠡᠭᠦᠨ ᠠᠴᠠ ᠭᠠᠳᠠᠨ᠎ᠠ᠂ ᠰᠠᠨᠠᠭᠤᠯᠤᠮᠵᠢ ᠶᠢᠨ ᠵᠠᠬᠢᠳᠠᠯ ᠳᠤ ᠪᠠᠰᠠ ᠬᠥᠮᠥᠨ ᠬᠡᠷᠡᠭᠯᠡᠬᠦ ᠨᠢᠭᠡᠴᠢ ᠳᠤ ᠬᠡᠷᠪᠡ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ ︽12351︾ ᠠᠵᠢᠯᠲᠠᠨ ᠠᠵᠢᠯᠴᠢᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠬᠤ᠂ ᠲᠤᠬᠠᠢ ᠶᠢᠨ ᠭᠠᠵᠠᠷ ᠤᠨ ᠠᠵᠢᠯᠴᠢᠨ ᠤ ᠡᠪᠯᠡᠯ ᠤᠨ ᠭᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠵᠣᠬᠢᠶᠠᠨ ᠪᠠᠶᠢᠭᠤᠯᠤᠯᠲᠠ ᠳᠤ ᠲᠤᠰᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠪᠣᠯᠣᠨ᠎ᠠ ᠭᠡᠵᠦ ᠥᠷᠭᠡᠨ ᠣᠯᠠᠨ ᠬᠥᠳᠡᠯᠮᠦᠷᠢᠴᠢᠨ ᠳᠤ ᠰᠠᠨᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号