ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠯᠤᠰ ᠤᠨ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠲᠥᠯᠥᠪᠯᠡᠭᠡ ᠶᠢᠨ ︽ᠤᠮᠠᠷᠠᠲᠤ ᠶᠢᠨ ᠰᠠᠯᠬᠢ ᠡᠯᠡᠰᠦᠨ ᠤ ᠪᠦᠰᠡ ᠶᠢᠨ ᠬᠥᠷᠥᠰᠥ ᠰᠢᠷᠣᠢ ᠶᠢ | ᠵᠣᠬᠢᠴᠠᠭᠤᠯᠬᠤ ᠪᠠ ᠴᠢᠳᠠᠮᠵᠢ ᠶᠢ ᠳᠡᠭᠡᠭᠰᠢᠯᠡᠭᠦᠯᠭᠦ ᠮᠡᠷᠭᠡᠵᠢᠯ︾ ᠤᠨ ᠲᠥᠷᠥᠯ ᠵᠦᠢᠯ ᠢ ᠭᠦᠭᠡᠬᠤᠲᠠ ᠳᠤ | ᠡᠬᠢᠯᠡᠭᠦᠯᠪᠡ᠃ | ᠲᠤᠰ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ ᠠᠴᠠ ᠲᠠᠨᠢᠯᠴᠠᠭᠤᠯᠤᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ | ᠵᠢᠱᠢᠶ᠎ᠡ ᠦᠵᠡᠭᠦᠯᠭᠦ ᠢᠨᠵᠧᠨᠧᠷᠢᠩ ᠤᠨ ︽ᠶᠠᠪᠠᠷᠠᠢ ᠠᠭᠤᠯᠠ ᠶᠢᠨ ᠰᠠᠯᠬᠢ ᠡᠯᠡᠰᠦ ᠶᠢ ᠶᠡᠷᠦᠩᠬᠡᠶᠢᠯᠡᠨ ᠵᠠᠰᠠᠬᠤ ᠪᠠ | ᠡᠯᠡᠰᠦᠨ ᠴᠥᠯ ᠤᠨ ᠭᠦᠪᠡᠭᠡ ᠵᠠᠬ᠎ᠠ ᠶᠢᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠣᠶ | ᠡᠪᠡᠰᠦᠨ ᠤ ᠪᠦᠰᠡ ᠶᠢ ᠪᠦᠲᠦᠭᠡᠨ ᠪᠠᠶᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠭᠦ︾ ᠲᠥᠷᠥᠯ ᠵᠦᠢᠯ ᠳᠤ | ᠲᠦᠰᠢᠭᠯᠡᠨ ᠬᠡᠷᠡᠭᠵᠢᠭᠦᠯᠦᠨ᠎ᠡ᠃ ᠲᠥᠷᠥᠯ ᠵᠦᠢᠯ ᠨᠢ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ | ᠬᠥᠷᠥᠰᠥ ᠶᠢ ᠵᠣᠬᠢᠴᠠᠭᠤᠯᠬᠤ᠂ ᠰᠢᠰᠲ᠋ᠧᠮ ᠲᠠᠢ ᠵᠠᠰᠠᠬᠤ᠂ ᠴᠢᠳᠠᠮᠵᠢ ᠶᠢ ᠳᠡᠭᠡᠭᠰᠢᠯᠡᠭᠦᠯᠭᠦ︾ ᠵᠠᠰᠠᠯᠲᠠ ᠶᠢᠨ | ᠣᠶᠢᠯᠠᠭᠠᠭᠳᠠᠬᠤᠨ ᠶᠣᠰᠣᠭᠠᠷ ᠤᠮᠠᠷᠠᠲᠤ ᠶᠢᠨ ᠰᠠᠯᠬᠢ ᠡᠯᠡᠰᠦᠨ ᠤ ᠪᠦᠰᠡ ᠶᠢᠨ ᠤᠰᠤᠨ ᠤ ᠡᠬᠢ ᠪᠠᠶᠠᠯᠢᠭ ᠪᠠ ᠠᠮᠢ | ᠠᠬᠤᠢ ᠶᠢᠨ ᠰᠢᠰᠲ᠋ᠧᠮ ᠤᠨ ᠴᠠᠭ ᠣᠷᠣᠨ ᠵᠠᠢ ᠶᠢᠨ ᠲᠠᠷᠬᠠᠯᠲᠠ ᠶᠢᠨ ᠪᠠᠶᠢᠷᠢᠰᠢᠯ ᠢ ᠢᠯᠭᠠᠨ ᠲᠠᠨᠢᠵᠤ᠂ ᠤᠷᠭᠤᠮᠠᠯ ᠤᠨ | ᠬᠤᠴᠢᠯᠭ᠎ᠠ ᠶᠢ ᠬᠠᠮᠠᠭᠠᠯᠠᠬᠤ ᠰᠢᠰᠲ᠋ᠧᠮ ᠤᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠷ᠎ᠡ | ᠪᠦᠲᠦᠮᠵᠢ ᠶᠢ ᠦᠨᠡᠯᠡᠨ ᠵᠢᠱᠢᠨ᠎ᠡ᠃ ᠪᠠᠰᠠ ᠬᠥᠷᠥᠰᠥ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠶᠢ ᠥᠷᠨᠢᠭᠦᠯᠵᠦ᠂ ᠬᠠᠯᠬᠠᠪᠴᠢ ᠤᠷᠭᠤᠮᠠᠯ ᠤᠨ ᠪᠦᠷᠬᠦᠴᠡ ᠶᠢ ᠳᠠᠭᠢᠨ ᠪᠠᠶᠢᠭᠤᠯᠬᠤ ᠪᠠ ᠰᠡᠷᠭᠦᠭᠡᠬᠦ | ᠮᠡᠷᠭᠡᠵᠢᠯ ᠤᠨ ᠰᠢᠨ᠎ᠡ ᠶᠢ ᠡᠭᠦᠳᠴᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠮᠡᠷᠭᠡᠵᠢᠯ ᠤᠨ ᠵᠠᠭᠪᠤᠷ ᠢ ᠰᠦᠪᠡᠭᠴᠢᠯᠡᠵᠦ᠂ ᠰᠠᠯᠬᠢ | ᠡᠯᠡᠰᠦᠨ ᠤ ᠪᠦᠰᠡ ᠶᠢᠨ ᠬᠥᠷᠥᠰᠥ ᠰᠢᠷᠣᠢ ᠶᠢᠨ ᠡᠬᠢ ᠪᠠᠶᠠᠯᠢᠭ ᠢ ᠵᠣᠬᠢᠴᠠᠭᠤᠯᠬᠤ ᠪᠠ ᠴᠢᠳᠠᠮᠵᠢ ᠶᠢ | ᠳᠡᠭᠡᠭᠰᠢᠯᠡᠭᠦᠯᠭᠦ ᠣᠨᠣᠯ ᠤᠨ ᠠᠷᠭ᠎ᠠ ᠬᠢᠭᠡᠳ ᠮᠡᠷᠭᠡᠵᠢᠯ ᠤᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠳᠠᠮᠵᠢ ᠶᠢ ᠦᠷᠭᠦᠯᠵᠢᠯᠡᠨ | ᠳᠡᠭᠡᠭᠰᠢᠯᠡᠭᠦᠯᠭᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃ | | |