17 ᠮᠤᠵᠢ ᠣᠷᠣᠨ ᠤ 146 ᠨᠢᠭᠡᠳᠦᠯᠲᠡᠢ ᠲᠥᠯᠥᠪᠯᠡᠬᠦ ᠣᠷᠣᠨ ᠳᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/3/18
     ᠰᠤᠷᠪᠤᠯᠵᠢᠯᠠᠬᠴᠢ 15 ᠤ ᠡᠳᠦᠷ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 14 ᠤ ᠡᠳᠦᠷ ᠪᠤᠯᠲᠠᠯ᠎ᠠ᠂ 17 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ 146 ᠨᠢᠭᠡᠳᠦᠯᠲᠡᠢ ᠲᠥᠯᠥᠪᠯᠡᠬᠦ ᠣᠷᠣᠨ ᠳᠤ ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ ᠶᠢ ᠨᠠᠪᠲᠠᠷᠡᠭᠦᠯᠵᠦ᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠲᠢᠶᠠᠨᠵᠢᠨ᠂ ᠾᠧᠪᠧᠢ᠂ ᠥᠪᠥᠷ ᠮᠣᠩᠭᠤᠯ᠂ ᠱᠠᠩᠬᠠᠢ᠂ ᠵᠢᠶᠠᠩᠰᠤ᠂ ᠠᠨᠾᠦ᠋ᠢ᠂ ᠱᠠᠨᠳᠦ᠋ᠩ᠂ ᠾᠧᠨᠠᠨ᠂ ᠬᠤᠪᠧᠢ᠂ ᠭᠤᠸᠠᠩᠳᠦ᠋ᠩ᠂ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠦ᠂ ᠲᠥᠪᠡᠳ᠂ ᠭᠠᠨᠰᠤ᠂ ᠰᠢᠨᠵᠢᠶᠠᠩ ᠵᠡᠷᠭᠡ 17 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ 146 ᠨᠢᠭᠡᠳᠦᠯᠲᠡᠢ ᠲᠥᠯᠥᠪᠯᠡᠬᠦ ᠣᠷᠣᠨ ᠳᠤ ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ ᠶᠢ ᠨᠡᠪᠲᠡᠷᠡᠭᠦᠯᠪᠡ᠂ ᠡᠭᠦᠨ ᠳᠤ ᠾᠧᠪᠧᠢ᠂ ᠾᠧᠨᠠᠨ᠂ ᠠᠨᠾᠦ᠋ᠢ᠂ ᠲᠥᠪᠡᠳ᠂ ᠰᠧᠴᠤᠸᠠᠨ᠂ ᠬᠤᠪᠧᠢ᠂ ᠱᠠᠨᠳᠦ᠋ᠩ ᠵᠡᠷᠭᠡ 7 ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠪᠦᠭᠦ ᠮᠤᠵᠢ ︵ᠥᠪᠡᠷᠲᠡᠭᠡᠨ ᠵᠠᠰᠠᠬᠤ ᠣᠷᠣᠨ︶  ᠶᠢᠨ ᠬᠡᠪᠴᠢᠶᠡᠨ ᠳᠤ ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ ᠶᠢ ᠪᠦᠭᠦ ᠲᠠᠯ᠎ᠠ ᠪᠠᠷ ᠨᠡᠪᠲᠡᠷᠡᠭᠦᠯᠪᠡ᠃      2024 ᠣᠨ ᠤ ᠡᠴᠦᠰ ᠲᠤ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠭᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ ᠮᠤᠵᠢ ᠠᠯᠤᠰᠯᠠᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠪᠠ ᠡᠮ ᠡᠮᠨᠡᠯᠭᠡ ᠶᠢᠨ ᠵᠠᠷᠤᠳᠠᠯ ᠢ ᠲᠥᠯᠥᠬᠦ ᠳᠤ ᠬᠡᠷᠡᠭᠯᠡᠵᠦ ᠪᠣᠯᠣᠨ᠎ᠠ᠃      ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠪᠤᠰᠤᠳ ᠭᠠᠵᠠᠷ ᠣᠷᠣᠨ ᠳᠤ ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ ᠶᠢ ᠨᠡᠪᠲᠡᠷᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号