ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/19
     3 ᠰᠠᠷ᠎ᠠ ᠶᠢᠨ 18 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠦᠴᠦᠸᠠᠨ ᠰᠢᠶᠠᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠰᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠲᠥᠰᠥᠯ︾ ᠪᠠ ︽ᠦᠴᠦᠸᠠᠨ ᠰᠢᠶᠠᠨ ᠤ 2025 ᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠥᠰᠥᠯ︾ ᠢ ᠬᠢᠨᠠᠨ ᠵᠥᠪᠯᠡᠵᠦ᠂ ᠬᠤᠲᠠ ᠬᠥᠳᠡᠭᠡ ᠶᠢᠨ ᠤᠰᠤ ᠬᠠᠩᠭᠠᠬᠤ ᠤᠰᠤ ᠲᠠᠲᠠᠷᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠤ᠂ ︽ᠦᠴᠦᠸᠠᠨ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠬᠢᠨᠠᠯᠲᠠ ᠶᠢᠨ ᠠᠵᠢᠯ ᠤᠨ ᠲᠥᠰᠥᠯ︾ ᠢ ᠬᠢᠨᠠᠨ ᠵᠥᠪᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠡᠷᠭᠢᠯᠡᠪᠡ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠡᠷᠬᠡᠪᠰᠢ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠡᠭᠡᠳᠦ ᠬᠡᠮᠵᠢᠶᠡᠨ ᠳᠡᠭᠡᠷ᠎ᠡ ᠳᠡᠭᠡᠭᠰᠢᠯᠡᠭᠦᠯᠵᠦ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠪᠣᠳᠠᠲᠠᠢ ᠡᠭᠦᠷᠭᠡ ᠬᠠᠷᠢᠭᠤᠴᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠰᠢᠰᠲ᠋ᠧᠮ ᠢ ᠲᠠᠬᠢᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠬᠠᠮᠢᠶᠠᠷᠬᠤ ᠬᠥᠮᠥᠨ ᠲᠠᠢ᠂ ᠬᠥᠮᠥᠨ ᠪᠦᠬᠦᠨ ᠳᠤ ᠲᠤᠰᠬᠠᠢ ᠬᠠᠷᠢᠭᠤᠴᠠᠯᠭ᠎ᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠥᠬᠦ ᠲᠠᠯ᠎ᠠ ᠶᠢᠨ᠂ ᠲᠣᠣᠷ ᠲᠠᠲᠠᠬᠤ ᠬᠡᠯᠪᠡᠷᠢ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠢᠯᠠᠩᠭᠤᠶ᠎ᠠ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠳᠤ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ᠂ ᠳᠠᠯᠳᠠ ᠬᠡᠮ ᠤᠨ ᠡᠬᠡ ᠲᠠᠩᠰᠠ ᠪᠠᠶᠢᠭᠤᠯᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠪᠡᠯᠡᠳᠬᠡᠯ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠪᠣᠯᠣᠨ ᠲᠤᠨᠤᠭ ᠲᠥᠬᠦᠭᠡᠷᠦᠮᠵᠢ ᠶᠢ ᠭᠦᠢᠴᠡᠳ ᠲᠣᠬᠢᠷᠠᠭᠤᠯᠵᠤ᠂ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ ᠲᠦᠷᠭᠡᠨ ᠳᠠᠭᠠᠵᠤ᠂ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠰᠤ ᠬᠠᠩᠭᠠᠬᠤ ᠳᠤ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠦᠨ᠎ᠡ ᠲᠣᠭᠲᠠᠭᠠᠬᠤ ᠶᠢ ᠪᠡᠶᠡᠯᠡᠭᠦᠯᠵᠦ᠂ ᠤᠰᠤ ᠬᠠᠩᠭᠠᠬᠤ ᠠᠵᠢᠯ ᠤᠨ ᠬᠡᠪ ᠤᠨ ᠡᠵᠡᠩᠨᠡᠯᠲᠡ ᠶᠢ ᠪᠠᠲᠤᠯᠠᠬᠤ ᠮᠥᠷᠲᠡᠭᠡᠨ ᠪᠠᠰᠠ ᠲᠠᠷᠢᠶᠠᠴᠢᠨ ᠲᠦᠮᠡᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ᠃ ᠤᠰᠤᠨ ᠤ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠬᠡᠯᠪᠡᠷᠢ ᠪᠠᠷ ᠤᠬᠠᠭᠤᠯᠬᠤ ᠪᠠᠷ ᠳᠠᠮᠵᠢᠭᠤᠯᠤᠨ᠂ ᠲᠠᠷᠢᠶᠠᠴᠢᠨ ᠲᠦᠮᠡᠨ ᠳᠤ ᠥᠭᠡᠷᠡᠴᠢᠯᠡᠯᠲᠡ ᠶᠢᠨ ᠵᠠᠶᠢᠯᠠᠰᠢ ᠦᠭᠡᠢ ᠴᠢᠨᠠᠷ ᠪᠣᠯᠣᠨ ᠴᠢᠬᠤᠯᠠ ᠴᠢᠨᠠᠷ ᠢ ᠭᠦᠢᠴᠡᠳ ᠣᠶᠢᠯᠠᠭᠠᠭᠤᠯᠵᠤ᠂ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠢ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠦᠴᠦᠸᠠᠨ ᠤ ᠬᠠᠮ ᠵᠠᠭᠤᠴᠢᠯᠠᠭᠤᠷ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号