ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 1 ᠤ ᠡᠳᠦᠷ᠂ 2025 | ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠤᠶᠠᠳᠤᠭᠠᠷ ᠪᠦᠯᠦᠭ ᠤᠨ ᠠᠵᠢᠯ | ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠨᠡᠷ᠎ᠡ ᠮᠡᠳᠡᠭᠦᠯᠬᠦ ᠠᠵᠢᠯ ᠳᠠᠭᠤᠰᠴᠤ᠂ ᠪᠦᠭᠦ | ᠣᠷᠣᠨ ᠳᠤ ᠨᠡᠶᠢᠲᠡ 159637 ᠬᠥᠮᠥᠨ ᠰᠦᠢᠳᠬᠡᠯ ᠲᠤᠰᠢᠶᠠᠨ ᠨᠡᠷ᠎ᠡ ᠮᠡᠳᠡᠭᠦᠯᠪᠡ᠃ ᠪᠢᠷ ᠤᠨ ᠰᠢᠯᠭᠠᠯᠲᠠ ᠶᠢᠨ | ᠠᠵᠢᠯ ᠢ 3 ᠰᠠᠷ᠎ᠠ ᠶᠢᠨ 29 ᠤ ᠡᠳᠦᠷ ᠪᠦᠭᠦ ᠣᠷᠣᠨ ᠤ 12 ᠠᠶᠢᠮᠠᠭ ᠬᠤᠲᠠ ᠳᠤ ᠵᠡᠷᠭᠡ ᠪᠠᠷ ᠥᠷᠨᠢᠭᠦᠯᠬᠦ ᠪᠠᠷ | ᠲᠥᠯᠥᠪᠯᠡᠵᠦ ᠪᠤᠢ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ | ᠦᠢᠯᠡᠰ ᠤᠨ ᠨᠢᠭᠡᠴᠢ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠲᠦᠷᠭᠡᠨ ᠭᠠᠷᠭᠠᠵᠤ᠂ | ᠠᠷᠭ᠎ᠠ ᠪᠦᠭᠦᠨ ᠢ ᠰᠦᠪᠡᠭᠴᠢᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ | ᠠᠬᠢᠭᠤᠯᠵᠤ᠂ 2025 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ | ᠬᠤᠶᠠᠳᠤᠭᠠᠷ ᠪᠦᠯᠦᠭ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠬᠢᠨᠠᠮᠠᠭᠠᠢ | ᠵᠣᠬᠢᠶᠠᠨ ᠪᠠᠶᠢᠭᠤᠯᠤᠨ ᠥᠷᠨᠢᠭᠦᠯᠪᠡ᠃ 2 ᠰᠠᠷ᠎ᠠ ᠶᠢᠨ 21 ᠤ ᠡᠳᠦᠷ ᠨᠡᠶᠢᠭᠡᠮ ᠨᠡᠶᠢᠲᠡ ᠳᠤ ᠠᠵᠢᠯᠲᠠᠨ ᠡᠯᠰᠡᠬᠦ | ᠠᠯᠪᠠᠨ ᠵᠠᠷ ᠨᠡᠶᠢᠲᠡᠯᠡᠵᠦ᠂ ᠠᠵᠢᠯ ᠦᠢᠯᠡᠰ ᠤᠨ ᠨᠢᠭᠡᠴᠢ ᠶᠢᠨ 3942 ᠠᠵᠢᠯᠲᠠᠨ ᠡᠯᠰᠡᠬᠦ ᠪᠠᠷ ᠲᠣᠭᠲᠠᠪᠠ᠃ ᠨᠡᠷ᠎ᠡ | ᠮᠡᠳᠡᠭᠦᠯᠬᠦ ᠠᠵᠢᠯ 2 ᠰᠠᠷ᠎ᠠ ᠶᠢᠨ 24 ᠤ ᠡᠳᠦᠷ ᠠᠴᠠ ᠡᠬᠢᠯᠡᠵᠦ᠂ ᠨᠡᠷ᠎ᠡ ᠮᠡᠳᠡᠭᠦᠯᠬᠦ ᠪᠠ ᠬᠢᠷᠢ ᠭᠡᠮ ᠤᠨ ᠠᠩᠬᠠᠨ ᠤ | ᠬᠢᠨᠠᠯᠲᠠ ᠬᠢᠬᠦ ᠠᠵᠢᠯ 3 ᠰᠠᠷ᠎ᠠ ᠶᠢᠨ 1 ᠤ ᠡᠳᠦᠷ ᠤᠨ 24 ᠴᠠᠭ ᠲᠤ ᠠᠮᠵᠢᠯᠲᠠ ᠲᠠᠢ ᠳᠠᠭᠤᠰᠴᠤ᠂ ᠰᠢᠯᠭᠠᠯᠲᠠ | ᠡᠬᠢᠯᠡᠬᠦ ᠬᠠᠷᠢᠴᠠᠯ ᠳᠤ ᠭᠦᠷᠦᠭᠰᠡᠨ ᠦᠭᠡᠢ ᠠᠴᠠ ᠪᠣᠯᠵᠤ ᠰᠢᠯᠭᠠᠯᠲᠠ ᠬᠢᠬᠦ ᠶᠢ ᠬᠦᠴᠦᠨ ᠦᠭᠡᠢ ᠪᠤᠯᠭᠠᠬᠰᠠᠨ | ᠠᠵᠢᠯ ᠤᠨ ᠪᠠᠶᠢᠷᠢ ᠪᠠ ᠤᠷᠢᠵᠤ ᠡᠯᠰᠡᠬᠦ ᠲᠥᠯᠥᠪᠯᠡᠭᠡ ᠶᠢᠨ ᠲᠤᠭ᠎ᠠ ᠶᠢ ᠬᠠᠰᠤᠭᠰᠠᠨ ᠠᠵᠢᠯ ᠤᠨ ᠪᠠᠶᠢᠷᠢ 369 | ᠪᠠᠶᠢᠵᠤ᠂ ᠨᠡᠶᠢᠲᠡ 441 ᠲᠥᠯᠥᠪᠯᠡᠭᠡ ᠶᠢ ᠬᠦᠴᠦᠨ ᠦᠭᠡᠢ ᠪᠣᠯᠭᠠᠵᠠᠢ᠃ | ᠵᠠᠯᠭᠠᠭᠠᠳ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠵᠢᠯᠲᠠᠨ ᠡᠯᠰᠡᠬᠦ ᠠᠵᠢᠯ ᠤᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ ᠵᠡᠷᠭᠡ ᠭᠤᠭᠴᠤᠭ᠎ᠠ ᠶᠢᠨ ᠤᠷᠤᠭᠰᠢᠲᠠᠢ ᠶᠠᠪᠤᠭᠳᠠᠬᠤ ᠶᠢ | ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠯᠤᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ | ᠤᠯᠠᠮ ᠴᠢᠩᠭᠠᠳᠬᠠᠵᠤ᠂ ᠡᠯᠰᠡᠬᠦ ᠶᠠᠪᠤᠴᠠ ᠶᠢᠨ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠬᠤ ᠶᠢ ᠦᠨᠡᠨ ᠬᠦ | ᠪᠠᠲᠤᠯᠠᠵᠤ᠂ ᠰᠢᠯᠭᠠᠭᠤᠯᠤᠭᠰᠠᠳ ᠲᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠪᠣᠯᠣᠨ᠎ᠠ᠃ | | |