ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠵᠤ ︽ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠰᠢᠢᠳᠪᠦᠷᠢᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2025/3/21
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠵᠤ᠂ ︽ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠰᠢᠢᠳᠪᠦᠷᠢᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠂ 2025 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠣᠭᠲᠠᠭᠠᠯ︾ ᠨᠢ ᠨᠡᠶᠢᠲᠡ 18 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠃      ᠨᠢᠭᠡ ᠳᠤ᠂ ᠦᠢᠯᠡᠴᠢᠯᠡᠭᠡ ᠪᠠᠨ ᠴᠢᠩᠭᠠᠳᠬᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠠᠳᠠᠭᠠᠳᠤ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠪᠠ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠰᠢᠢᠳᠪᠦᠷᠢᠯᠡᠬᠦ ᠶᠢ ᠵᠢᠯᠤᠭᠤᠳᠬᠤ ᠠᠵᠢᠯ ᠤᠨ ᠪᠠᠶᠢᠭᠤᠯᠤᠮᠵᠢ ᠪᠠ ᠠᠵᠢᠯ ᠤᠨ ᠳᠦᠷᠢᠮ ᠢ ᠪᠦᠷᠢᠨᠰᠢᠭᠦᠯᠵᠦ᠂ ᠵᠠᠭᠤᠷᠠᠯᠳᠤᠭᠠᠨ ᠢ ᠰᠢᠢᠳᠪᠦᠷᠢᠯᠡᠬᠦ ᠳᠤ ᠠᠷᠭᠠᠴᠠᠭᠠᠨ ᠵᠢᠯᠤᠭᠤᠳᠬᠤ ᠪᠠ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠬᠠᠩᠭᠠᠨ᠎ᠠ᠃ ᠡᠭᠦᠨ ᠤ ᠬᠠᠮᠲᠤ᠂ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠭᠠᠳᠠᠭᠠᠳᠤ ᠲᠠᠢ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠰᠢᠢᠳᠪᠦᠷᠢᠯᠡᠬᠦ ᠳᠤ ᠣᠷᠤᠯᠴᠠᠬᠤ ᠶᠢ ᠳᠡᠮᠵᠢᠵᠦ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠢᠷᠭᠡᠳ᠂ ᠵᠣᠬᠢᠶᠠᠨ ᠪᠠᠶᠢᠭᠤᠯᠤᠯᠲᠠ ᠳᠤ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠰᠢᠢᠳᠪᠦᠷᠢᠯᠡᠬᠦ ᠥᠨᠳᠥᠷ ᠦᠷ᠎ᠡ ᠪᠦᠲᠦᠮᠵᠢᠲᠡᠶ ᠳᠥᠭᠦᠮ ᠲᠦᠷᠭᠡᠨ ᠠᠷᠭ᠎ᠠ ᠵᠠᠮ ᠵᠢᠴᠢ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠦᠢᠯᠡᠴᠢᠯᠡᠭᠡ ᠬᠠᠩᠭᠠᠨ᠎ᠠ᠃      ᠬᠤᠶᠠᠷ ᠲᠤ᠂ ᠠᠵᠤ ᠠᠬᠤᠶᠢᠯᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠳᠣᠲᠣᠭᠠᠳᠤ ᠶᠢᠨ ᠳᠦᠷᠢᠮ ᠲᠣᠭᠲᠠᠭᠠᠯ ᠢᠶᠠᠨ ᠪᠠᠶᠢᠭᠤᠯᠤᠨ ᠪᠦᠷᠢᠨᠰᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠳᠠᠪᠤᠷᠢᠲᠠᠨ ᠤ ᠨᠥᠭᠡᠴᠡ ᠶᠢ ᠴᠢᠩᠭᠠᠳᠬᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠢᠳᠡᠪᠬᠢᠲᠡᠢ ᠬᠠᠮᠠᠭᠠᠯᠠᠬᠤ ᠶᠢ ᠱᠠᠭᠠᠷᠳᠠᠪᠠ᠃ ᠡᠭᠦᠨ ᠤ ᠬᠠᠮᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠳᠤ ᠬᠠᠨᠳᠤᠭᠤᠯᠤᠨ ᠤᠬᠠᠭᠤᠯᠭ᠎ᠠ᠂ ᠪᠣᠯᠪᠠᠰᠤᠷᠠᠯ ᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠭᠰᠡᠨ ᠲᠤᠷᠰᠢᠯᠭ᠎ᠠ ᠪᠠ ᠠᠷᠭ᠎ᠠ ᠬᠢᠳᠡᠯ ᠢ ᠲᠠᠨᠢᠯᠴᠠᠭᠤᠯᠬᠤ ᠭᠡᠷᠡᠭᠲᠡᠶ; ᠠᠵᠤ ᠠᠬᠤᠶᠢᠯᠠᠯ ᠤᠨ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠬᠠᠷᠢᠯᠴᠠᠨ ᠬᠠᠪᠰᠤᠷᠤᠯᠴᠠᠬᠤ ᠰᠠᠭᠤᠷᠢ ᠮᠥᠩᠭᠦ ᠪᠠᠶᠢᠭᠤᠯᠬᠤ ᠶᠢ ᠳᠠᠮᠵᠢᠵᠤ᠂ ᠳᠠᠭᠠᠳᠬᠠᠯ ᠤᠨ ᠪᠠᠶᠢᠭᠤᠯᠤᠮᠵᠢ ᠶᠢᠨ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠭᠤᠷᠪᠠ ᠳᠤ᠂ ᠬᠢᠯᠢ ᠶᠢᠨ ᠭᠠᠳᠠᠨ᠎ᠠ ᠪᠠᠶᠢᠴᠠᠭᠠᠯᠲᠠ ᠬᠢᠵᠦ ᠭᠡᠷᠡᠴᠢ ᠠᠪᠬᠤ ᠶᠢ ᠳᠦᠷᠢᠮᠵᠢᠭᠦᠯᠦᠨ᠎ᠡ᠃ ᠮᠠᠨ ᠤ ᠤᠯᠤᠰ ᠤᠨ ᠬᠢᠯᠢ ᠳᠣᠲᠣᠷ᠎ᠠ ᠪᠢᠴᠢᠭ ᠬᠠᠷ᠎ᠠ ᠬᠦᠷᠭᠡᠬᠦ᠂ ᠪᠠᠶᠢᠴᠠᠭᠠᠯᠲᠠ ᠬᠢᠵᠦ ᠭᠡᠷᠡᠴᠢ ᠠᠪᠬᠤ ᠳᠤ ᠮᠠᠨ ᠤ ᠤᠯᠤᠰ ᠤᠨ ᠪᠠᠶᠢᠭᠤᠯᠤᠭᠰᠠᠨ ᠪᠤᠶᠤ ᠣᠷᠣᠯᠴᠠᠬᠰᠠᠨ ᠣᠯᠠᠨ ᠤᠯᠤᠰ ᠤᠨ ᠭᠡᠷ᠎ᠡ ᠵᠢᠴᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠦᠢᠴᠡᠳᠬᠡᠬᠦ ᠭᠡᠷᠡᠭᠲᠡᠶ; ᠬᠢᠯᠢ ᠶᠢᠨ ᠭᠠᠳᠠᠨ᠎ᠠ ᠭᠡᠷᠡᠴᠢ ᠪᠠᠷᠢᠮᠲᠠ ᠪᠤᠶᠤ ᠮᠠᠲ᠋ᠧᠷᠢᠶᠠᠯ ᠬᠠᠩᠭᠠᠬᠤ ᠳᠤ ᠭᠦᠷᠪᠡᠯ᠂ ᠤᠯᠤᠰ ᠤᠨ ᠨᠢᠭᠤᠴᠠ ᠶᠢ ᠬᠠᠮᠠᠭᠠᠯᠠᠬᠤ᠂ ᠳ᠋ᠠᠶᠢᠲ᠋ᠠ ᠶᠢᠨ ᠠᠮᠤᠷ ᠲᠦᠪᠰᠢᠨ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠶᠣᠰᠣᠭᠠᠷ ᠡᠷᠭᠢᠯᠡᠨ ᠬᠠᠮᠢᠶᠠᠷᠬᠤ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠶᠠᠪᠤᠴᠠ ᠪᠠᠷ ᠭᠦᠢᠴᠡᠳᠬᠡᠬᠦ ᠬᠡᠷᠡᠭᠲᠡᠢ ᠭᠡᠵᠦ ᠲᠣᠳᠣᠷᠬᠠᠶᠢᠯᠠᠪᠠ᠃      ᠳᠥᠷᠪᠡ ᠳᠤ᠂ ᠭᠤᠣᠯᠴᠢ ᠪᠤᠰᠤ ᠪᠠᠶᠢᠳᠠᠯ ᠢ ᠡᠰᠡᠷᠭᠦᠴᠡᠨ᠎ᠡ᠃ ᠮᠠᠨ ᠤ ᠤᠯᠤᠰ ᠤᠨ ᠠᠷᠠᠳ ᠢᠷᠭᠡᠨ᠂ ᠵᠣᠬᠢᠶᠠᠨ ᠪᠠᠶᠢᠭᠤᠯᠤᠯᠲᠠ ᠳᠤ ᠤᠯᠤᠰ ᠤᠨ ᠠᠷᠠᠳ ᠢᠷᠭᠡᠨ ᠤ ᠬᠠᠷᠠᠭᠠᠯᠵᠠᠯ ᠣᠯᠭᠤᠭᠰᠠᠨ ᠦᠭᠡᠢ ᠪᠤᠶᠤ ᠮᠡᠳᠡᠯᠭᠡ ᠶᠢᠨ ᠦᠮᠴᠢᠯᠡᠯ ᠤᠨ ᠡᠷᠬᠡ ᠶᠢ ᠭᠦᠢᠴᠡᠳ ᠪᠦᠲᠦᠮᠵᠢᠲᠡᠢ ᠬᠠᠮᠠᠭᠠᠯᠠᠵᠤ ᠳᠡᠶᠢᠯᠭᠦ ᠦᠭᠡᠢ ᠵᠡᠷᠭᠡ ᠪᠠᠶᠢᠳᠠᠯ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠳᠠᠯᠳᠤᠭᠠᠨ ᠤ ᠶᠠᠪᠤᠳᠠᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠯᠲᠠ ᠬᠢᠬᠦ ᠶᠢᠨ ᠬᠠᠮᠲᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠤᠯᠤᠨ᠎ᠠ; ᠭᠠᠳᠠᠭᠠᠳᠤ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢᠶᠠᠷ ᠰᠢᠯᠲᠠᠭ ᠪᠤᠯᠭᠠᠵᠤ ᠮᠠᠨ ᠤ ᠤᠯᠤᠰ ᠢ ᠬᠢᠵᠠᠭᠠᠷᠯᠠᠬᠤ᠂ ᠳᠠᠷᠤᠬᠤ᠂ ᠮᠠᠨ ᠤ ᠤᠯᠤᠰ ᠤᠨ ᠠᠷᠠᠳ ᠢᠷᠭᠡᠨ᠂ ᠵᠣᠬᠢᠶᠠᠨ ᠪᠠᠶᠢᠭᠤᠯᠤᠯᠲᠠ ᠳᠤ ᠭᠠᠳᠠᠭᠤᠷᠴᠢᠯᠠᠬᠤ ᠴᠢᠨᠠᠷᠲᠠᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ ᠳᠤ ᠭᠦᠷᠪᠡᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠠᠷᠠᠭᠠᠯᠵᠠᠭᠰᠠᠨ ᠭᠡᠳᠡᠷᠭᠦ  ᠵᠠᠯᠬᠠᠭᠠᠯ ᠪᠠ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠣᠨ᠎ᠠ ᠭᠡᠵᠦ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号