ᠬᠥᠬᠡᠬᠤᠲᠠ ᠵᠠᠰᠠᠭ ᠲᠠᠷᠬᠠᠭᠠᠭᠰᠠᠨ ﹇2025﹈ 9 ᠳ᠋ᠤᠬᠡᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ᠮᠠᠨ ᠤ ᠬᠤᠲᠠ ᠶᠢᠨ ᠣᠷᠣᠨ ᠪᠠᠶᠢᠷᠢ ᠪᠠ ᠠᠵᠤ ᠦᠢᠯᠡᠰ ᠤᠨ ᠬᠦᠴᠦᠨ ᠵᠦᠢᠯ ᠤᠨ ᠳᠠᠪᠠᠭᠤᠯᠢᠭ ᠢ | ᠪᠠᠳᠠᠷᠠᠭᠤᠯᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢ ᠲᠦᠷᠭᠡᠨ ᠲᠥᠪᠯᠡᠷᠡᠭᠦᠯᠦᠨ ᠬᠥᠭᠵᠢᠭᠦᠯᠵᠦ | ᠪᠤᠵᠠᠭᠠᠶᠢᠷᠠᠭᠤᠯᠬᠤ ᠶᠢᠨ ᠲᠤᠰᠠᠳᠠ᠂ ᠳᠣᠤᠷᠠᠬᠢ ᠬᠡᠷᠡᠭᠵᠢᠭᠦᠯᠬᠦ ᠰᠠᠨᠠᠯ ᠢ ᠲᠣᠭᠲᠠᠭᠠᠪᠠ᠃ | | ᠨᠢᠭᠡ᠂ ᠠᠵᠢᠯ ᠤᠨ ᠬᠠᠷᠠᠯᠲᠠ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠮᠢᠳᠤ ᠪᠣᠳᠠᠰ ᠤᠨ ᠮᠡᠷᠭᠡᠵᠢᠯ ᠤᠨ ᠬᠤᠪᠢᠰᠤᠯᠲᠠ ᠠᠴᠠ | ᠠᠪᠴᠢᠷᠠᠭᠰᠠᠨ ᠠᠵᠤ ᠦᠢᠯᠡᠰ ᠤᠨ ᠬᠤᠪᠢᠰᠤᠯᠲᠠ ᠪᠣᠯᠣᠨ ᠵᠠᠬ᠎ᠠ ᠳᠡᠯᠭᠡᠭᠦᠷ ᠢ ᠳᠠᠬᠢᠨ ᠴᠣᠭᠴᠠᠯᠠᠬᠤ ᠠᠵᠠ | ᠲᠣᠬᠢᠶᠠᠯ ᠢ ᠵᠠᠪᠳᠤᠵᠤ᠂ ᠮᠠᠨ ᠤ ᠬᠤᠲᠠ ᠶᠢᠨ ᠠᠭᠤᠷ᠂ ᠨᠣᠭᠤᠭᠠᠨ ᠴᠠᠬᠢᠯᠭᠠᠨ᠂ ᠠᠭᠤᠷ ᠠᠮᠢᠰᠬᠤᠯ᠂ ᠲᠦᠭᠦᠬᠡᠢ | ᠮᠠᠲ᠋ᠧᠷᠢᠶᠠᠯ᠂ ᠭᠠᠵᠠᠷ ᠰᠢᠷᠣᠢ ᠵᠡᠷᠭᠡ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠳᠤ ᠬᠠᠮᠤᠭ ᠤᠨ | ᠲᠣᠬᠢᠷᠠᠮᠵᠢᠲᠠᠢ ᠬᠦᠴᠦᠨ ᠵᠦᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠯᠡᠮᠡᠯ ᠠᠮᠢᠳᠤ ᠪᠣᠳᠠᠰ ᠤᠨ | ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ 2027 ᠣᠨ ᠪᠣᠯᠬᠤ ᠳᠤ᠂ ᠨᠡᠶᠢᠯᠡᠮᠡᠯ ᠠᠮᠢᠳᠤ ᠪᠣᠳᠠᠰ ᠤᠨ | ᠠᠵᠤ ᠠᠬᠤᠶᠢᠯᠠᠯ ᠢ 100 ᠠᠴᠠ ᠳᠡᠭᠡᠭᠰᠢ ᠣᠷᠣᠭᠤᠯᠤᠨ ᠠᠪᠴᠢᠷᠠᠵᠤ ︵ᠨᠡᠪᠴᠢᠭᠦᠯᠵᠦ︶᠂ ᠨᠢᠭᠡ ᠪᠦᠯᠦᠭ ᠠᠮᠢᠳᠤ | ᠪᠣᠳᠠᠰ ᠤᠨ ᠲᠡᠷᠢᠭᠦᠨ ᠤ ᠦᠷ᠎ᠡ ᠪᠦᠲᠦᠭᠡᠯ ᠢ ᠤᠯᠠᠷᠢᠭᠤᠯᠵᠤ᠂ ︽ᠵᠡᠭᠦᠨ ᠤᠷᠤᠨ ᠳᠤ ᠰᠤᠳᠤᠯᠤᠨ ᠨᠡᠭᠡᠭᠡᠵᠦ᠂ | ᠬᠥᠬᠡᠬᠤᠲᠠ ᠳᠤ ᠦᠢᠯᠡᠳᠪᠦᠷᠢᠯᠡᠬᠦ︾ ᠪᠥᠬᠦ ᠤᠯᠤᠰ ᠤᠨ ᠠᠵᠤ ᠦᠢᠯᠡᠰ ᠤᠨ ᠬᠤᠯᠪᠣᠭᠠᠯᠠᠨ ᠬᠥᠭᠵᠢᠬᠦ ᠵᠠᠭᠪᠤᠷ ᠢ | ᠪᠣᠶ ᠪᠣᠯᠭᠠᠵᠤ᠂ ᠨᠡᠶᠢᠯᠡᠮᠡᠯ ᠠᠮᠢᠳᠤ ᠪᠣᠳᠠᠰ ᠤᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ | ᠦᠢᠯᠡᠰ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠡᠳ᠋ᠰᠢᠭᠦᠯᠬᠦ ᠠᠵᠤ ᠦᠢᠯᠡᠰ ᠲᠠᠢ ᠠᠭᠤᠰᠤᠯᠴᠠᠨ | ᠬᠥᠭᠵᠢᠬᠦ ᠶᠢ ᠠᠬᠢᠭᠤᠯᠵᠤ᠂ ᠠᠮᠢᠳᠤ ᠪᠣᠳᠠᠰ ᠤᠨ ᠣᠶᠤᠨᠴᠢ ᠦᠢᠯᠡᠳᠬᠡᠯ ᠤᠨ ᠬᠥᠨᠳᠡᠶ᠂ ᠨᠡᠶᠢᠯᠡᠮᠡᠯ ᠠᠮᠢᠳᠤ | ᠪᠣᠳᠠᠰ ᠤᠨ ᠬᠢᠮᠡᠯ ᠣᠶᠣᠨ ᠤ ᠪᠣᠳᠣᠯᠭ᠎ᠠ ᠶᠢᠨ ᠬᠦᠴᠦᠨ ᠤ ᠲᠥᠪ ᠵᠡᠷᠭᠡ ᠨᠢᠭᠡ ᠪᠦᠯᠦᠭ ᠪᠡᠯᠭᠡ ᠲᠡᠮᠳᠡᠭ ᠤᠨ | ᠴᠢᠨᠠᠷᠲᠠᠶ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠠᠵᠤ ᠦᠢᠯᠡᠰ ᠤᠨ ᠦᠢᠯᠡᠳᠬᠦᠨ ᠤ ᠥᠷᠲᠡᠭ ᠢ 500 | ᠳ᠋ᠦᠩᠰᠢᠭᠤᠷ ᠲᠥᠭᠦᠷᠢᠭ ᠲᠤ ᠬᠦᠷᠭᠡᠵᠦ᠂ 2030 ᠣᠨ ᠪᠣᠯᠬᠤ ᠳᠤ᠂ ᠤᠷᠤᠨ ᠤ ᠲᠥᠪ ᠬᠤᠲᠠ ᠶᠢ ᠪᠥᠬᠦ | ᠤᠯᠤᠰ ᠤᠨ ᠲᠡᠷᠢᠭᠦᠨ ᠤ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠡᠪ ᠳᠠᠭᠤᠷᠢᠶᠠᠯ ᠬᠤᠲᠠ ᠪᠣᠯᠭᠠᠨ | ᠪᠥᠲᠥᠭᠡᠨ ᠪᠠᠶᠢᠭᠤᠯᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠦᠴᠦᠨ ᠵᠦᠢᠯ ᠤᠨ ᠳᠠᠪᠠᠭᠤᠯᠢᠭ ᠢ | ᠬᠤᠷᠠᠮᠳᠤᠭᠤᠯᠤᠨ᠎ᠠ | 1. ᠠᠭᠤᠷ ᠤᠨ ᠬᠡᠮᠵᠢᠶ᠎ᠡ ᠪᠠ ᠦᠨ᠎ᠡ ᠶᠢᠨ ᠳᠠᠪᠠᠭᠤᠯᠢᠭ ᠢ ᠪᠠᠳᠠᠷᠠᠭᠤᠯᠤᠨ᠎ᠠ᠃ ᠮᠠᠨ ᠤ ᠬᠤᠲᠠ ᠶᠢᠨ | ᠠᠭᠤᠷ ᠤᠨ ᠦᠨ᠎ᠡ ᠵᠢᠴᠢ ᠬᠠᠩᠭᠠᠯᠭ᠎ᠠ ᠶᠢᠨ ᠳᠠᠪᠠᠭᠤᠯᠢᠭ ᠲᠤ ᠲᠦᠰᠢᠭᠯᠡᠨ᠂ ᠬᠦᠷᠢᠶᠡᠯᠡᠩ ᠲᠣᠭᠤᠷᠢᠭ ᠠᠴᠠ | ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠤᠨ ᠢᠯᠴᠢ ᠶᠢᠨ ᠴᠠᠬᠢᠯᠭᠠᠨ ᠤ ᠦᠢᠯᠡᠳᠪᠦᠷᠢ ᠪᠤᠶᠤ ᠢᠯᠴᠢ | ᠬᠠᠩᠭᠠᠬᠤ ᠠᠵᠤ ᠠᠬᠤᠶᠢᠯᠠᠯ ᠲᠠᠢ ᠤᠷᠲᠤ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ | ᠲᠣᠭᠲᠠᠴᠠ ᠪᠠᠶᠢᠭᠤᠯᠬᠤ ᠶᠢ ᠳᠡᠮᠵᠢᠨ᠎ᠡ᠃ ᠠᠭᠤᠷ ᠬᠠᠩᠭᠠᠬᠤ ᠲᠣᠣᠷ ᠢ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ | ᠠᠵᠤ ᠠᠬᠤᠶᠢᠯᠠᠯ ᠳᠤ ᠲᠣᠭᠲᠠᠭᠤᠨ ᠠᠭᠤᠷ ᠬᠠᠩᠭᠠᠨ᠎ᠠ᠃ ᠣᠳᠣᠬᠠᠨ ᠤ ᠠᠭᠤᠷ ᠤᠨ ᠵᠠᠬ᠎ᠠ ᠳᠡᠯᠭᠡᠭᠦᠷ ᠤᠨ | ᠲᠣᠬᠢᠷᠠᠭᠤᠯᠬᠤ ᠦᠨ᠎ᠡ ᠨᠢ ᠲᠣᠨ ᠪᠦᠷᠢ ᠳᠤ ᠪᠠᠨ 200 ᠲᠥᠭᠦᠷᠢᠭ ᠠᠴᠠ ᠳᠣᠷᠣᠭᠰᠢ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠯ᠎ᠡ ᠬᠤᠰᠢᠭᠤ᠂ ᠰᠢᠶᠠᠨ | ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃ ᠳᠣᠣᠷᠠᠬᠢ ᠡᠭᠦᠷᠭᠡ ᠤᠳ ᠢ | ᠨᠠᠶᠢᠳᠠᠪᠤᠷᠢᠵᠢᠭᠤᠯᠬᠤ ᠳᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ᠴᠥᠮ ᠣᠷᠣᠯᠴᠠᠨ᠎ᠠ᠂ ᠳᠠᠬᠢᠵᠤ ᠠᠰ ᠲᠤᠨᠢ ᠵᠢᠭᠰᠠᠭᠠᠬᠤ ᠦᠭᠡᠶ︶ | 2. ᠨᠣᠭᠤᠭᠠᠨ ᠴᠠᠬᠢᠯᠭᠠᠨ ᠤ ᠬᠠᠩᠭᠠᠯᠭ᠎ᠠ ᠶᠢᠨ ᠳᠠᠪᠠᠭᠤᠯᠢᠭ ᠢ ᠪᠠᠳᠠᠷᠠᠭᠤᠯᠤᠨ᠎ᠠ᠃ ᠮᠠᠨ ᠤ ᠬᠤᠲᠠ ᠶᠢᠨ | ᠨᠣᠭᠤᠭᠠᠨ ᠴᠠᠬᠢᠯᠭᠠᠨ ᠤ ᠠᠵᠤ ᠦᠢᠯᠡᠰ ᠤᠨ ᠲᠦᠪᠯᠡᠷᠡᠵᠢᠭᠰᠡᠨ ᠬᠥᠭᠵᠢᠯᠲᠡ ᠶᠢᠨ ᠦᠷ᠎ᠡ ᠪᠦᠲᠦᠭᠡᠯ ᠳᠤ ᠲᠦᠰᠢᠭᠯᠡᠨ | ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠭᠠᠷᠴᠠᠭ ᠲᠤ ᠣᠷᠣᠭᠤᠯᠬᠤ ᠪᠠᠷ ᠴᠢᠷᠮᠠᠶᠢᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠠᠬᠢᠯᠭᠠᠨ ᠤ ᠦᠨ᠎ᠡ ᠶᠢ ᠬᠡᠷᠡᠭᠯᠡᠨ᠎ᠡ᠃ | ᠣᠳᠣᠬᠠᠨ ᠤ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠣᠬᠢᠷᠠᠭᠤᠯᠬᠤ | ᠦᠨ᠎ᠡ ᠨᠢ 0. 4 ᠲᠥᠭᠦᠷᠢᠭ / ᠺᠢᠯᠣᠸᠠᠲ ᠴᠠᠭ ᠣᠷᠴᠢᠮ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ᠪᠣᠬᠢᠷᠲᠤᠯ ᠦᠭᠡᠶ ᠪᠣᠳᠣᠯᠭ᠎ᠠ ᠶᠢᠨ ᠬᠦᠴᠦᠨ ᠤ ᠳᠠᠪᠠᠭᠤᠯᠢᠭ ᠢ ᠪᠠᠳᠠᠷᠠᠭᠤᠯᠤᠨ᠎ᠠ᠃ ᠨᠡᠶᠢᠯᠡᠮᠡᠯ ᠠᠮᠢᠳᠤ | ᠪᠣᠳᠠᠰ ᠤᠨ ᠬᠢᠮᠡᠯ ᠣᠶᠣᠨ ᠤ ᠪᠣᠳᠣᠯᠭ᠎ᠠ ᠶᠢᠨ ᠬᠦᠴᠦᠨ ᠤ ᠲᠥᠪ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠲᠦᠮᠡᠨ ᠺᠠᠷᠲ ᠤᠨ ᠬᠡᠪᠴᠢᠶ᠎ᠡ ᠲᠠᠢ ᠨᠡᠶᠢᠯᠡᠮᠡᠯ | ᠠᠮᠢᠳᠤ ᠪᠣᠳᠠᠰ ᠤᠨ ᠤᠬᠠᠭᠠᠨ ᠤ ᠣᠨᠳᠣᠣᠰᠢᠯ ᠪᠣᠳᠣᠯᠭ᠎ᠠ ᠶᠢᠨ ᠬᠦᠴᠦᠨ ᠤ ᠳᠡᠮᠵᠢᠯᠭᠡ ᠶᠢᠨ ᠲᠠᠪᠴᠠᠩ ᠢ | ᠪᠠᠶᠢᠭᠤᠯᠤᠨ᠂ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠰᠤᠳᠤᠯᠤᠨ ᠨᠡᠭᠡᠭᠡᠬᠦ ᠣᠶᠤᠨᠴᠢ ᠪᠣᠳᠣᠯᠭ᠎ᠠ ᠶᠢᠨ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠶᠢᠯᠡᠮᠡᠯ ᠠᠮᠢᠳᠤ ᠪᠣᠳᠠᠰ ᠤᠨ ᠲᠣᠭᠠᠴᠢᠯᠠᠭᠰᠠᠨ ᠬᠥᠷᠥᠩᠭᠡ ᠶᠢᠨ | ᠭᠦᠢᠯᠭᠡᠭᠡ ᠪᠠ ᠨᠡᠶᠢᠳᠬᠡᠯ ᠳᠤ ᠲᠤᠭ᠎ᠠ ᠪᠠᠷᠢᠮᠲᠠ ᠶᠢᠨ ᠦᠨᠳᠦᠰᠦ ᠬᠠᠩᠭᠠᠵᠤ᠂ ᠨᠡᠶᠢᠯᠡᠮᠡᠯ ᠠᠮᠢᠳᠤ ᠪᠣᠳᠠᠰ ᠤᠨ ᠵᠢᠷᠤᠭ | ᠲᠥᠯᠥᠪᠯᠡᠭᠡ᠂ ᠪᠠᠶᠢᠭᠤᠯᠤᠯᠲᠠ ᠵᠡᠷᠭᠡ ᠰᠠᠭᠤᠷᠢ ᠲᠠᠪᠴᠠᠩ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ | ᠥᠪᠡᠷᠲᠡᠭᠡᠨ ᠵᠠᠰᠠᠬᠤ ᠣᠷᠣᠨ ᠤ ︽ᠣᠯᠠᠨ ᠡᠭᠦᠯᠡ︾ ᠪᠣᠳᠣᠯᠭ᠎ᠠ ᠶᠢᠨ ᠬᠦᠴᠦᠨ ᠤ ᠲᠠᠪᠴᠠᠩ ᠢᠶᠠᠷ ᠳᠠᠮᠵᠢᠭᠤᠯᠤᠨ | ᠪᠣᠳᠣᠯᠭ᠎ᠠ ᠶᠢᠨ ᠬᠦᠴᠦᠨ ᠢ ᠬᠤᠳᠠᠯᠳᠤᠨ ᠠᠪᠬᠤ ᠠᠳᠠᠯᠢ ᠨᠢᠭᠡᠨ ᠭᠤᠤᠯ ᠴᠣᠭᠴᠠ ᠶᠢᠨ ᠪᠣᠳᠣᠯᠭ᠎ᠠ ᠶᠢᠨ ᠬᠦᠴᠦᠨ ᠤ | ᠦᠢᠯᠡᠴᠢᠯᠡᠭᠡ ᠬᠤᠳᠠᠯᠳᠤᠨ ᠠᠪᠬᠤ ᠵᠢᠯ ᠤᠨ ᠵᠠᠷᠤᠳᠠᠯ 100 ᠲᠦᠮᠡᠨ ᠲᠥᠭᠦᠷᠢᠭ ᠠᠴᠠ ᠳᠠᠪᠠᠭᠰᠠᠨ ᠪᠠᠶᠢᠪᠠᠯ᠂ | ᠪᠣᠳᠣᠯᠭ᠎ᠠ ᠶᠢᠨ ᠬᠦᠴᠦᠨ ᠤ ᠦᠢᠯᠡᠴᠢᠯᠡᠭᠡ ᠶᠢᠨ ᠪᠣᠳᠠᠲᠠᠶ ᠵᠠᠷᠤᠳᠠᠯ ᠤᠨ 30% ᠪᠠᠷ ᠬᠠᠮᠤᠭ ᠤᠨ ᠥᠨᠳᠥᠷ ᠲᠤ | ᠪᠠᠨ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | 4. ᠲᠦᠭᠦᠬᠡᠶ ᠮᠠᠲ᠋ᠧᠷᠢᠶᠠᠯ ᠪᠣᠯᠣᠨ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠤᠨ᠎ᠠ᠃ ᠡᠷᠳᠡᠨᠢ ᠰᠢᠰᠢ᠂ | ᠲᠥᠮᠥᠰᠥ ᠵᠡᠷᠭᠡ ᠲᠦᠭᠦᠬᠡᠶ ᠮᠠᠲ᠋ᠧᠷᠢᠶᠠᠯ ᠤᠨ ᠲᠠᠷᠢᠮᠠᠯ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠪᠦᠬᠦ ᠬᠤᠲᠠ ᠶᠢᠨ ᠡᠷᠳᠡᠨᠢ ᠰᠢᠰᠢ ᠶᠢᠨ ᠵᠢᠯ ᠤᠨ ᠬᠠᠩᠭᠠᠯᠭ᠎ᠠ ᠶᠢᠨ ᠬᠡᠮᠵᠢᠶ᠎ᠡ ᠶᠢ 300 ᠲᠦᠮᠡᠨ ᠲᠣᠨ ᠠᠴᠠ | ᠳᠡᠭᠡᠭᠰᠢ᠂ ᠴᠠᠷᠳᠠᠭᠤᠯ ︵ᠦᠵᠦᠮ ᠤᠨ ᠰᠢᠬᠢᠷ︶ ᠤᠨ ᠵᠢᠯ ᠤᠨ ᠬᠠᠩᠭᠠᠯᠭ᠎ᠠ ᠶᠢᠨ ᠬᠡᠮᠵᠢᠶ᠎ᠡ ᠶᠢ 50 ᠲᠦᠮᠡᠨ | ᠲᠣᠨ ᠠᠴᠠ ᠳᠡᠭᠡᠭᠰᠢ ᠪᠠᠶᠢᠯᠭᠠᠵᠤ᠂ ᠴᠢᠨᠠᠷ ᠰᠠᠶᠢᠲᠠᠶ ᠲᠥᠮᠥᠰᠥ ᠶᠢᠨ ᠴᠠᠷᠳᠠᠭᠤᠯ ᠤᠨ ᠬᠠᠩᠭᠠᠯᠭ᠎ᠠ ᠶᠢᠨ ᠬᠡᠮᠵᠢᠶ᠎ᠡ ᠶᠢ | 5 ᠲᠦᠮᠡᠨ ᠲᠣᠨ ᠠᠴᠠ ᠳᠡᠭᠡᠭᠰᠢ ᠪᠠᠶᠢᠯᠭᠠᠨ᠎ᠠ᠃ ᠬᠥᠬᠡᠬᠤᠲᠠ ᠶᠢᠨ ᠢᠳᠡᠭᠡᠨ ᠤ ᠵᠦᠢᠯ᠂ ᠰᠦ ᠶᠢᠨ ᠦᠢᠯᠡᠰ ᠵᠡᠷᠭᠡ | ᠲᠠᠯ᠎ᠠ ᠶᠢᠨ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ | ᠢᠳᠡᠭᠡᠨ᠂ ᠠᠮᠢᠳᠤ ᠪᠣᠳᠠᠰ ᠤᠨ ᠸᠠᠺᠼᠢᠨ᠂ ᠠᠮᠢᠳᠤ ᠪᠣᠳᠠᠰ ᠤᠨ ᠲᠠᠷᠢᠶᠠᠨ ᠡᠮ᠂ ᠢᠰᠬᠡᠭᠦᠷ ᠤᠨ ᠨᠠᠶᠢᠷᠠᠯᠲᠠ ᠵᠡᠷᠭᠡ | ᠲᠠᠯ᠎ᠠ ᠶᠢᠨ ᠲᠣᠭᠤᠷᠢᠨ ᠳᠤ ᠨᠢᠭᠡ ᠪᠦᠯᠦᠭ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠤᠨ ᠬᠡᠷᠡᠭᠯᠡᠭᠡᠨ ᠤ ᠠᠬᠤᠢ ᠶᠢ | ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶ | 5. ᠤᠮᠠᠷᠠᠰᠢ ᠨᠡᠭᠡᠭᠡᠯᠲᠡ ᠬᠢᠵᠦ ᠭᠠᠳᠠᠭᠠᠳᠤ ᠳᠤ ᠭᠠᠷᠭᠠᠬᠤ ᠳᠠᠪᠠᠭᠤᠯᠢᠭ ᠢ ᠪᠠᠳᠠᠷᠠᠭᠤᠯᠤᠨ᠎ᠠ᠃ | ᠬᠥᠬᠡᠬᠤᠲᠠ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠳᠠᠪᠠᠭᠤᠯᠢᠭ ᠲᠤ ᠲᠦᠰᠢᠭᠯᠡᠨ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠵᠤ᠂ ᠳᠤᠮᠳᠠᠳᠤ | ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠵᠢᠯ ᠳᠤ 150 ᠠᠴᠠ ᠳᠡᠭᠡᠭᠰᠢ | ᠠᠶᠠᠯᠠᠭᠤᠯᠤᠨ᠎ᠠ᠃ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠤᠨ ᠲᠢᠶᠠᠨᠵᠢᠨ ᠭᠠᠷᠠᠮ ᠤᠨ | ︽ᠣᠷᠣᠨ ᠭᠠᠷᠠᠮ ᠤᠨ ᠬᠤᠯᠪᠣᠭᠠᠯᠠᠯ︾ ᠢ ᠪᠠᠢᠭᠤᠯᠵᠤ᠂ ᠲᠦᠭᠦᠬᠡᠢ ᠮᠠᠲ᠋ᠧᠷᠢᠶᠠᠯ ᠢ ᠵᠥᠭᠡᠭᠡᠪᠦᠷᠢᠯᠡᠬᠦ ᠳᠤ ᠲᠢᠶᠠᠨᠵᠢᠨ | ᠪᠣᠯᠤᠨ ᠬᠥᠬᠡᠬᠤᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠪᠬᠤᠷ ᠬᠦᠷᠲᠡᠵᠦ᠂ ᠪᠦᠬᠦ ᠶᠠᠪᠤᠴᠠ ᠳᠤ | ᠴᠢᠩᠭᠡᠯᠢᠭ ᠰᠣᠯᠢᠬᠤ ᠦᠭᠡᠢ᠃ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠨᠡᠭᠡᠭᠡᠬᠦ ᠶᠢ ᠳᠡᠮᠵᠢᠵᠦ᠂ | ᠣᠨ ᠤ ᠭᠠᠳᠠᠭᠠᠳᠤ ᠠᠷᠠᠯᠵᠢᠶᠠᠨ ᠤ ᠲᠤᠭ᠎ᠠ ᠨᠢ ᠳᠡᠭᠡᠷ᠎ᠡ ᠵᠢᠯ ᠤᠨ ᠬᠢ ᠠᠴᠠ 500 ᠲᠦᠮᠡᠨ ᠲᠥᠭᠦᠷᠢᠭ | ᠨᠡᠮᠡᠭᠳᠡᠭᠰᠡᠨ ᠨᠡᠶᠢᠯᠡᠮᠡᠯ ᠠᠮᠢᠳᠤ ᠪᠣᠳᠠᠰ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ᠂ ᠨᠡᠮᠡᠭᠳᠡᠯ | ᠲᠤᠭ᠎ᠠ ᠶᠢᠨ 2% ᠢᠶᠠᠷ ᠬᠠᠮᠤᠭ ᠥᠨᠳᠥᠷ ᠲᠡᠭᠡᠨ400 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ | 6. ᠳᠤᠮᠳᠠ ᠶᠢᠨ ᠲᠤᠷᠰᠢᠯᠲᠠ ᠶᠢᠨ ᠲᠠᠪᠴᠠᠩ ︵ᠰᠠᠭᠤᠷᠢᠨ ᠭᠠᠵᠠᠷ︶ ᠢ ᠪᠠᠶᠢᠭᠤᠯᠤᠨ᠎ᠠ᠃ ᠨᠡᠭᠡᠭᠡᠯᠲᠡ ᠲᠠᠢ | ᠨᠡᠶᠢᠯᠡᠮᠡᠯ ᠠᠮᠢᠳᠤ ᠪᠣᠳᠠᠰ ᠤᠨ ᠳᠤᠮᠳᠠ ᠶᠢᠨ ᠲᠤᠷᠰᠢᠯᠲᠠ ᠶᠢᠨ ᠲᠠᠪᠴᠠᠩ ᠤᠨ ᠦᠢᠯᠡᠴᠢᠯᠡᠭᠡ ᠬᠠᠩᠭᠠᠵᠤ᠂ ᠰᠢᠩᠭᠡᠨ | ᠲᠦᠷᠰᠦ ᠶᠢᠨ ᠢᠰᠬᠡᠯᠲᠡ ︵ᠬᠡᠪᠴᠢᠶ᠎ᠡ ᠨᠢ 30L - 20m3︶ ᠪᠠ ᠬᠠᠲᠠᠭᠤ ᠳᠦᠷᠰᠦ ᠶᠢᠨ ᠢᠰᠬᠡᠯᠲᠡ ︵ | ᠬᠡᠪᠴᠢᠶ᠎ᠡ ᠨᠢ 75L - 15m3︶ ᠶᠢᠨ ᠳᠤᠮᠳᠠ ᠶᠢᠨ ᠲᠤᠷᠰᠢᠯᠲᠠ ᠶᠢᠨ ᠤᠷᠠᠨ ᠮᠡᠷᠭᠡᠰᠢᠯ ᠤᠨ ᠲᠤᠮᠤᠷᠠᠭᠤᠯᠤᠯᠲᠠ | ᠂ ᠪᠠᠭ᠎ᠠ ᠬᠡᠪᠴᠢᠶ᠎ᠡ ᠪᠠᠷ ︵ᠣᠷᠣᠯᠠᠨ︶ ᠦᠢᠯᠡᠳᠪᠦᠷᠢᠯᠡᠬᠦ ᠪᠠ ᠬᠡᠪ ᠤᠨ ᠭᠠᠷᠭᠠᠨ ᠠᠪᠬᠤ ᠤᠷᠠᠨ ᠮᠡᠷᠭᠡᠰᠢᠯ ᠢ | ᠰᠢᠯᠭᠠᠨ ᠪᠠᠲᠤᠯᠠᠬᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠨᠡᠭᠡᠭᠡᠯᠲᠡ ᠲᠠᠢ ᠲᠠᠪᠴᠠᠩ ᠳᠤ ᠵᠢᠯ ᠤᠨ | ᠦᠢᠯᠡᠴᠢᠯᠡᠭᠡᠨ ᠤ ᠴᠢᠨᠠᠷᠲᠠᠶ ᠣᠷᠣᠯᠭ᠎ᠠ ᠶᠢᠨ 30% ᠪᠠᠷ ᠬᠠᠮᠤᠭ ᠤᠨ ᠥᠨᠳᠥᠷ ᠲᠤ ᠪᠠᠨ 100 ᠲᠦᠮᠡᠨ | ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ︶ | 7. ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠳᠡᠮᠵᠢᠨ᠎ᠡ᠃ ᠬᠦᠷᠢᠶᠡᠯᠡᠩ ᠲᠣᠭᠤᠷᠢᠭ ᠠᠴᠠ | ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠳᠠᠩᠰᠠᠯᠠᠬᠤ᠂ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢ ᠦᠨᠡᠯᠡᠬᠦ᠂ ᠠᠶᠤᠯᠭᠦᠢ ᠶᠢᠨ ᠦᠨᠡᠯᠡᠯᠲᠡ ᠬᠢᠬᠦ᠂ ᠭᠠᠵᠠᠷ ᠰᠢᠷᠣᠶ ᠵᠡᠷᠭᠡ ᠬᠢᠨᠠᠨ | ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠰᠢᠨ᠎ᠡ ᠪᠠᠷ ᠨᠡᠮᠡᠭᠳᠡᠭᠰᠡᠨ ᠨᠡᠶᠢᠯᠡᠮᠡᠯ ᠠᠮᠢᠳᠤ ᠪᠣᠳᠠᠰ ᠤᠨ ᠲᠥᠷᠥᠯ | ᠵᠦᠢᠯ ᠳᠤ ᠣᠯᠠᠨ ᠰᠠᠯᠠᠭ᠎ᠠ ᠮᠥᠴᠢᠷ ᠬᠠᠮᠲᠤᠷᠠᠨ ᠬᠢᠨᠠᠨ ᠵᠥᠪᠰᠢᠶᠡᠷᠡᠬᠦ ᠪᠠ ᠣᠯᠠᠨ ᠦᠨᠡᠮᠯᠡᠯ ᠢ ᠬᠠᠮᠲᠤᠷᠠᠨ | ᠣᠯᠭᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠤᠨ ᠦᠢᠯᠡᠳᠦᠯ ᠢ | ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠥᠭᠦᠮ ᠳᠥᠲᠡ᠂ ᠪᠦᠷᠢᠨ ᠲᠡᠭᠦᠯᠳᠡᠷ | ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶ | 8. ᠬᠦᠷᠢᠶᠡᠯᠡᠩ ᠲᠣᠭᠤᠷᠢᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠯᠡᠮᠡᠯ ᠠᠮᠢᠳᠤ ᠪᠣᠳᠠᠰ ᠤᠨ | ᠠᠵᠤ ᠠᠬᠤᠶᠢᠯᠠᠯ ᠳᠤ ᠲᠦᠭᠦᠬᠡᠶ ᠤᠰᠤ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ ᠨᠡᠶᠢᠯᠡᠮᠡᠯ ᠠᠮᠢᠳᠤ ᠪᠣᠳᠠᠰ ᠤᠨ | ᠠᠵᠤ ᠠᠬᠤᠶᠢᠯᠠᠯ ᠤᠳ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠶᠡᠷᠦᠩᠬᠡᠶᠢᠯᠡᠨ ᠰᠢᠢᠳᠪᠦᠷᠢᠯᠡᠬᠦ ᠴᠢᠳᠠᠪᠤᠷᠢ 1.5 ᠲᠦᠮᠡᠨ m3 / ᠡᠳᠦᠷ ᠠᠴᠠ ᠳᠡᠭᠡᠭᠰᠢ ᠪᠠᠶᠢᠯᠭᠠᠨ᠎ᠠ᠃ ᠨᠡᠶᠢᠯᠡᠮᠡᠯ | ᠠᠮᠢᠳᠤ ᠪᠣᠳᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠪᠠᠷᠢᠮᠵᠢᠶ᠎ᠠ ᠦᠢᠯᠡᠳᠪᠦᠷᠢ ᠶᠢᠨ ᠭᠡᠷ ᠪᠠᠶᠢᠰᠢᠩ ᠢ ᠪᠥᠲᠥᠭᠡᠨ ᠪᠠᠶᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ︶ | ︵ᠭᠤᠷᠪᠠ︶ ᠨᠡᠶᠢᠯᠡᠮᠡᠯ ᠠᠮᠢᠳᠤ ᠪᠤᠳᠠᠰ ᠤᠨ ᠠᠵᠤ ᠠᠬᠤᠶᠢᠯᠠᠯ ᠤᠨ ᠬᠦᠭᠵᠢᠨ ᠪᠤᠵᠠᠭᠠᠶᠢᠷᠠᠬᠤ ᠶᠢ ᠳᠡᠮᠵᠢᠨ᠎ᠠ | 9. ᠠᠵᠤ ᠠᠬᠤᠶᠢᠯᠠᠯ ᠤᠨ ᠬᠡᠪᠴᠢᠶᠡᠵᠢᠯ ᠳᠤ ᠣᠷᠣᠬᠤ ᠪᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠃ | 5 ᠳ᠋ᠦᠩᠰᠢᠭᠤᠷ ᠲᠥᠭᠦᠷᠢᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠠᠵᠤ | ᠦᠢᠯᠡᠰ ᠤᠨ ᠬᠦᠷᠢᠶᠡᠨ ᠤ ᠲᠥᠷᠥᠯ ᠵᠦᠢᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ | ᠰᠢᠨ᠎ᠡ ᠪᠠᠷ ᠬᠡᠪᠴᠢᠶᠡᠵᠢᠯ ᠳᠤ ᠣᠷᠣᠭᠠᠳ ᠭᠤᠷᠪᠠᠨ ᠵᠢᠯ ᠪᠣᠯᠣᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ | ᠴᠢᠨᠠᠷᠲᠠᠢ 60 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠨᠥᠬᠦᠴᠡᠯ ᠳᠤ ᠨᠡᠶᠢᠴᠡᠬᠦ ᠨᠡᠶᠢᠯᠡᠮᠡᠯ ᠠᠮᠢᠳᠤ | ᠪᠣᠳᠠᠰ ᠤᠨ ᠠᠵᠤ ᠠᠬᠤᠶᠢᠯᠠᠯ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠬᠤᠪᠢ ᠲᠠᠷᠬᠠᠭᠠᠵᠤ ︵IPO︶ ᠪᠡᠯᠡ ᠮᠥᠩᠭᠦ ᠴᠤᠭᠯᠠᠭᠤᠯᠬᠤ ᠶᠢ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶ | 10. ᠠᠮᠢᠳᠤ ᠪᠣᠳᠠᠰ ᠤᠨ ᠮᠡᠷᠭᠡᠵᠢᠯ ᠤᠨ ᠰᠢᠨᠵᠢᠯᠡᠭᠡ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠢ ᠬᠡᠷᠡᠭᠯᠡᠨ | ᠦᠢᠯᠡᠳᠪᠦᠷᠢᠯᠡᠯ ᠤᠨ ᠤᠷᠠᠨ ᠮᠡᠷᠭᠡᠰᠢᠯ ᠢᠶᠠᠨ ᠳᠡᠭᠡᠭᠰᠢᠯᠡᠭᠦᠯᠬᠦ ᠪᠠ ᠲᠥᠬᠦᠭᠡᠷᠦᠮᠵᠢ ᠪᠠᠨ ᠥᠭᠡᠷᠡᠴᠢᠯᠡᠬᠦ ᠶᠢ ᠳᠡᠮᠵᠢᠵᠦ᠂ | ᠲᠥᠬᠦᠭᠡᠷᠦᠮᠵᠢ ᠪᠠᠨ ᠶᠡᠬᠡᠪᠡᠷ ᠰᠢᠨᠡᠳᠬᠡᠨ ᠥᠭᠡᠷᠡᠴᠢᠯᠡᠬᠦ ᠳᠡᠮᠵᠢᠯᠭᠡ ᠳᠤ ᠣᠷᠣᠭᠤᠯᠤᠨ᠎ᠠ᠃ ᠠᠵᠤ ᠠᠬᠤᠶᠢᠯᠠᠯ ᠤᠨ | ᠲᠤᠰᠬᠠᠶ ᠨᠠᠷᠢᠯᠢᠭ ᠣᠨᠴᠠ ᠰᠢᠨ᠎ᠡ ᠪᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ | ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠰᠢᠨ᠎ᠡ ᠪᠠᠷ ᠦᠨᠡᠯᠡᠭᠳᠡᠭᠰᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 10 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ | ᠰᠢᠨ᠎ᠡ ᠪᠠᠷ ᠦᠨᠡᠯᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ 3 ᠵᠢᠯ ᠳᠠᠷᠠᠭᠠᠯᠠᠨ ᠵᠢᠯ ᠪᠦᠷᠢ 500 ᠲᠦᠮᠡᠨ ᠲᠥᠭᠦᠷᠢᠭ᠂ | 300 ᠲᠦᠮᠡᠨ ᠲᠥᠭᠦᠷᠢᠭ ᠠᠴᠠ ᠳᠣᠣᠷ᠎ᠠ ᠦᠭᠡᠢ ᠳᠡᠮᠵᠢᠯᠭᠡ ᠦᠵᠡᠭᠦᠯᠦᠨ᠎ᠡ᠃ ᠨᠥᠬᠦᠴᠡᠯ ᠲᠠᠢ ᠠᠵᠤ ᠠᠬᠤᠶᠢᠯᠠᠯ | ᠪᠣᠯᠤᠨ ᠪᠠᠶᠢᠭᠤᠯᠤᠮᠵᠢ ᠨᠢ ᠬᠥᠬᠡᠬᠤᠲᠠ ᠳᠤ ᠨᠡᠶᠢᠯᠡᠮᠡᠯ ᠠᠮᠢᠳᠤ ᠪᠣᠳᠠᠰ ᠤᠨ ᠲᠦᠭᠦᠬᠡᠶ ᠮᠠᠲ᠋ᠧᠷᠢᠶᠠᠯ ᠢ ᠭᠡᠷᠡᠴᠢᠯᠡᠬᠦ | ᠲᠥᠷᠥᠯ ᠤᠨ ᠲᠤᠷᠰᠢᠯᠲᠠ ᠶᠢᠨ ᠲᠠᠰᠤᠭ ᠪᠠᠶᠢᠭᠤᠯᠵᠤ᠂ ᠪᠣᠷᠳᠣᠭᠠᠨ ᠤ ᠨᠡᠮᠡᠯᠲᠡ ᠡᠳ᠋᠂ ᠢᠳᠡᠭᠡᠨ ᠤ ᠨᠡᠮᠡᠯᠲᠡ ᠡᠳ᠋᠂ | ᠭᠤᠶᠣᠯᠠᠯ ᠤᠨ ᠡᠳ᠋ ᠵᠡᠷᠭᠡ ᠲᠦᠭᠦᠬᠡᠶ ᠮᠠᠲ᠋ᠧᠷᠢᠶᠠᠯ ᠢ ᠭᠡᠷᠡᠴᠢᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠨ᠎ᠡ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 11. ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠲᠤᠯᠭᠠᠮ᠎ᠠ ᠱᠠᠭᠠᠷᠳᠠᠭᠳᠠᠬᠤ ᠴᠢᠳᠠᠪᠤᠷᠢᠲᠠᠨ ᠢ | ᠣᠷᠣᠭᠤᠯᠤᠨ ᠠᠪᠴᠢᠷᠠᠨ᠎ᠠ᠃ ᠤᠯᠤᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾᠂ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ | ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠵᠢᠴᠢ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ | ᠠᠬᠤᠶᠢᠯᠠᠯ ᠭᠠᠶᠢᠯᠢ ᠠᠴᠠ ᠡᠮᠦᠨᠡᠬᠢ ᠵᠢᠯ ᠤᠨ ᠴᠠᠯᠢᠩ ᠨᠢ 50 ᠲᠦᠮᠡᠨ ᠲᠥᠭᠦᠷᠢᠭ ᠢ ᠳᠠᠪᠠᠭᠰᠠᠨ ᠨᠢᠭᠡ ᠠᠴᠠ | ᠵᠢᠷᠭᠤᠳᠤᠭᠠᠷ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ | ᠴᠢᠳᠠᠪᠤᠷᠢᠲᠠᠨ ᠢ ᠪᠥᠬᠦ ᠲᠤᠰᠢᠶᠠᠯ ᠢᠶᠠᠷ ᠰᠢᠨ᠎ᠡ ᠣᠷᠣᠭᠤᠯᠤᠨ ᠠᠪᠴᠢᠷᠠᠭᠰᠠᠨ ᠳᠤ 3 ᠵᠢᠯ ᠳᠠᠷᠠᠭᠠᠯᠠᠨ ᠵᠢᠯ ᠪᠦᠷᠢ | 10 ᠲᠦᠮᠡᠨ ᠲᠥᠭᠦᠷᠢᠭ ᠤᠨ ᠴᠢᠳᠠᠪᠤᠷᠢᠲᠠᠨ ᠤ ᠱᠠᠩᠨᠠᠯ ᠣᠯᠭᠤᠨ᠎ᠠ᠃ ᠠᠵᠤ ᠠᠬᠤᠶᠢᠯᠠᠯ ᠤᠨ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠺᠠᠳᠧᠮᠢᠴᠢ ᠶᠢ ᠣᠷᠣᠭᠤᠯᠤᠨ ᠠᠪᠴᠢᠷᠠᠵᠤ ᠪᠠᠶᠢᠭᠤᠯᠤᠭᠰᠠᠨ ᠠᠵᠢᠯ ᠤᠨ ᠥᠷᠲᠡᠭᠡ ᠳᠤ 3 ᠳᠠᠷᠠᠭᠠᠯᠠᠨ ᠵᠢᠯ ᠪᠦᠷᠢ | 500 ᠲᠦᠮᠡᠨ ᠲᠥᠭᠦᠷᠢᠭ ᠠᠴᠠ ᠳᠣᠣᠷ᠎ᠠ ᠦᠭᠡᠢ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ | ᠡᠬᠢ ᠪᠠᠶᠠᠯᠢᠭ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ ᠢᠶᠠᠷ ᠭᠡᠰᠢᠭᠦᠨ ᠨᠢᠭᠡᠴᠢ ᠪᠣᠯᠭᠠᠭᠰᠠᠨ ᠲᠤᠰᠬᠠᠶ ᠠᠵᠢᠯ ᠤᠨ ᠠᠬᠢᠭᠤᠯᠬᠤ | ᠳᠤᠭᠤᠶᠢᠯᠠᠩ ᠢ ᠪᠠᠶᠢᠭᠤᠯᠤᠨ᠎ᠠ᠃ ᠳᠠᠩᠰᠠᠯᠠᠬᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ | ᠠᠶᠤᠯᠭᠦᠢ ᠶᠢᠨ ᠦᠨᠡᠯᠡᠯᠲᠡ᠂ ᠭᠠᠵᠠᠷ ᠰᠢᠷᠣᠢ ᠵᠡᠷᠭᠡ ᠲᠠᠯ᠎ᠠ ᠪᠠᠷ ᠨᠢᠭᠡ ᠴᠤᠭᠴᠠᠵᠢᠭᠤᠯᠤᠨ ᠠᠬᠢᠭᠤᠯᠵᠤ᠂ ᠠᠵᠤ | ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠢ | ᠰᠢᠢᠳᠪᠦᠷᠢᠯᠡᠵᠦ᠂ ᠭᠠᠵᠠᠷ ᠰᠢᠷᠣᠢ ᠶᠢ ᠠᠪᠤᠮᠠᠭᠴᠠ ᠳᠠᠷᠤᠢ ᠠᠵᠢᠯ ᠡᠬᠢᠯᠡᠭᠦᠯᠦᠨ᠎ᠡ᠃ ᠬᠦᠴᠦᠨ ᠵᠦᠢᠯ ᠤᠨ | ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠬᠦᠷᠲᠡᠬᠦ ᠶᠣᠰᠣᠲᠠᠶ ᠲᠥᠷᠥ ᠶᠢᠨ ᠪᠣᠳᠣᠯᠭ᠎ᠠ ᠶᠢᠨ ᠠᠰᠢᠭ ᠢ ᠪᠦᠬᠦᠨ ᠢ | ᠬᠦᠷᠲᠡᠭᠡᠨ᠎ᠡ᠃ ᠲᠤᠰᠬᠠᠶ ᠠᠵᠢᠯ ᠤᠨ ᠠᠬᠢᠭᠤᠯᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠳᠣᠭᠢᠷᠠᠭᠤᠯᠵᠤ᠂ ᠡᠳᠦᠷ ᠲᠤᠲᠤᠮ ᠤᠨ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ | ︵ᠬᠤᠶᠠᠷ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠨᠡᠶᠢᠯᠡᠮᠡᠯ ᠠᠮᠢᠳᠤ | ᠪᠣᠳᠠᠰ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ | ᠨᠡᠶᠢᠯᠡᠮᠡᠯ ᠠᠮᠢᠳᠤ ᠪᠣᠳᠠᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ | ᠲᠥᠰᠦᠯ ᠲᠣᠭᠲᠠᠭᠠᠬᠤ ᠶᠢ ᠬᠠᠷᠢᠭᠤᠴᠠᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢᠶᠠᠷ ᠤᠳᠤᠷᠢᠳᠤᠮᠵᠢ | ᠪᠣᠯᠭᠠᠭᠰᠠᠨ ᠬᠤᠰᠢᠭᠤ ᠰᠢᠶᠠᠨ ᠲᠣᠭᠤᠷᠢᠭ᠂ ᠬᠦᠷᠢᠶᠡᠯᠡᠩ ᠲᠣᠭᠤᠷᠢᠭ ᠪᠣᠳᠠᠲᠠᠶ ᠲᠠᠢ ᠪᠠᠨ ᠤᠶᠠᠯᠳᠤᠭᠤᠯᠤᠨ ᠠᠷᠭ᠎ᠠ | ᠬᠡᠮᠵᠢᠶ᠎ᠡ ᠲᠣᠭᠲᠠᠭᠠᠵᠤ᠂ ᠴᠢᠬᠤᠯᠠ ᠶᠡᠭᠡ ᠲᠥᠷᠥᠯ ᠵᠦᠢᠯ ᠢ ᠪᠣᠳᠠᠲᠠᠶᠢᠵᠢᠭᠤᠯᠬᠤ ᠶᠢ ᠲᠦᠷᠭᠡᠳᠬᠡᠨ᠂ ᠡᠯ᠎ᠡ | ᠵᠦᠢᠯ ᠤᠨ ᠡᠭᠦᠷᠭᠡ ᠬᠠᠷᠠᠯᠲᠠ ᠶᠢᠨ ᠪᠣᠳᠠᠲᠠᠶᠢᠵᠢᠨ ᠨᠠᠶᠢᠳᠠᠪᠤᠷᠢᠵᠢᠬᠤ ᠶᠢ ᠦᠨᠡᠨᠬᠦ ᠪᠠᠲᠤᠯᠠᠨ᠎ᠠ᠃ ᠬᠤᠳᠠᠯᠳᠤᠭᠠᠴᠢᠨ | ᠤᠷᠢᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠳᠤ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠬᠤᠳᠠᠯᠳᠤᠭᠠᠴᠢᠨ ᠤᠷᠢᠬᠤ ᠠᠵᠢᠯ ᠢ ᠨᠢᠭᠡᠳᠦᠯᠲᠡᠶ | ᠲᠥᠯᠥᠪᠵᠢᠭᠦᠯᠦᠨ ᠲᠣᠬᠢᠷᠠᠭᠤᠯᠬᠤ ᠶᠢ ᠲᠦᠷᠦᠭᠦᠯᠡᠨ ᠬᠠᠷᠢᠭᠤᠴᠠᠨ᠎ᠠ᠃ | ︵ᠭᠤᠷᠪᠠ︶ ᠬᠦᠴᠦᠷᠬᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠤᠨ᠎ᠠ᠃ ᠣᠯᠠᠨ ᠡᠰᠢᠲᠦ ᠡᠬᠢ ᠪᠠᠶᠠᠯᠢᠭ ᠢ | ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ ᠪᠠ ᠨᠡᠶᠢᠳᠬᠡᠬᠦ ᠶᠢ ᠲᠦᠷᠭᠡᠳᠬᠡᠵᠦ᠂ ᠬᠢᠮᠡᠯ ᠣᠶᠤᠨ᠂ ᠨᠡᠶᠢᠯᠡᠮᠡᠯ | ᠠᠮᠢᠳᠤ ᠪᠣᠳᠠᠰ ᠵᠡᠷᠭᠡ ᠬᠦᠷᠢᠶᠡᠨ ᠳᠠᠬᠢ ᠠᠺᠠᠳᠧᠮᠢᠴᠢ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠥᠨᠳᠥᠷ ᠬᠢᠷᠢ | ᠲᠦᠪᠰᠢᠨ ᠪᠥᠬᠦᠶ ᠲᠤᠰᠬᠠᠶ ᠮᠡᠷᠭᠡᠵᠢᠯᠲᠡᠨ ᠤ ᠠᠰᠠᠭᠤᠨ ᠯᠠᠪᠯᠠᠬᠤ ᠵᠥᠪᠯᠡᠯ ᠢ ᠵᠣᠬᠢᠶᠠᠨ ᠪᠠᠶᠢᠭᠤᠯᠵᠤ᠂ ᠰᠢᠢᠳᠪᠦᠷᠢᠲᠦ | ᠪᠣᠳᠣᠯᠭ᠎ᠠ ᠶᠢᠨ ᠵᠥᠪᠯᠡᠯᠭᠡ ᠥᠭᠬᠦ ᠪᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠣᠷᠣᠨ | ᠪᠦᠰᠡ ᠶᠢᠨ ᠳᠤᠲᠤᠨ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠪᠣᠯᠤᠨ ᠠᠵᠤ ᠠᠬᠤᠶᠢᠯᠠᠯ ᠲᠠᠢ | ᠬᠠᠮᠲᠤᠷᠠᠨ ᠬᠥᠬᠡᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠵᠤ᠂ | ᠨᠡᠶᠢᠯᠡᠮᠡᠯ ᠠᠮᠢᠳᠤ ᠪᠣᠳᠠᠰ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠤᠷᠠᠯ ᠵᠡᠷᠭᠡ ᠶᠢ ᠲᠣᠭᠲᠠᠭᠰᠠᠨ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠣᠷᠣᠨ ᠪᠦᠰᠡ ᠶᠢᠨ ᠳᠤᠲᠤᠨ᠎ᠠ ᠭᠠᠳᠠᠨᠠᠬᠢ ᠰᠢᠨᠵᠢᠯᠡᠬᠦ ᠤᠬᠠᠭᠠᠨ | ᠮᠡᠷᠭᠡᠵᠢᠯ᠂ ᠠᠵᠤ ᠦᠢᠯᠡᠰ ᠵᠡᠷᠭᠡ ᠲᠠᠯ᠎ᠠ ᠶᠢᠨ ᠬᠦᠴᠦᠨ ᠵᠦᠢᠯ ᠢ ᠬᠥᠬᠡᠬᠤᠲᠠ ᠳᠤ ᠲᠥᠪᠯᠡᠷᠡᠬᠦ ᠶᠢ ᠲᠦᠷᠭᠡᠳᠬᠡᠨ᠎ᠡ᠃ | | ︵ᠲᠦᠷᠪᠡ︶ ᠭᠠᠳᠠᠭᠰᠢ ᠤᠬᠠᠭᠤᠯᠬᠤ ᠶᠢ ᠥᠷᠭᠡᠳᠬᠡᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ | ᠰᠠᠯᠠᠭ᠎ᠠ ᠮᠥᠴᠢᠷ ᠠᠴᠠ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠬᠦᠷᠢᠶᠡᠨ ᠳᠠᠬᠢ ᠬᠠᠮᠢᠶ᠎ᠠ ᠪᠥᠬᠦᠶ ᠬᠤᠯᠪᠤᠭ᠎ᠠ᠂ | ᠨᠡᠶᠢᠭᠡᠮᠯᠢᠭ᠂ ᠠᠵᠤ ᠦᠢᠯᠡᠰ ᠤᠨ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠯᠤᠭ᠎ᠠ ᠨᠢᠭᠲᠠ ᠬᠠᠷᠢᠯᠴᠠᠭ᠎ᠠ | ᠪᠠᠶᠢᠭᠤᠯᠵᠤ᠂ ᠠᠵᠤ ᠠᠬᠤᠶᠢᠯᠠᠯ ᠢ ᠤᠷᠢᠵᠤ ᠬᠥᠬᠡᠬᠤᠲᠠ ᠳᠤ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠯᠭᠡᠵᠦ᠂ | ᠪᠥᠬᠦ ᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠨᠥᠯᠥᠭᠡᠯᠡᠬᠦ | ᠬᠦᠴᠦᠨ ᠢ ᠥᠷᠭᠡᠳᠬᠡᠨ᠎ᠡ᠃ | | ᠳᠠᠭᠠᠯᠳᠤᠭᠤᠯᠤᠯ᠄ ᠬᠥᠬᠡᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠦᠰᠦᠨᠦᠭᠲᠦ | | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 2 ᠳ᠋ᠤᠭᠠᠷ ᠰᠠᠷ᠎ᠠ ᠶᠢᠨ 24 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | | | | | | | | | |