ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠤ ᠪᠦᠯᠦᠭ ᠤᠨ ᠰᠢᠯᠢᠳᠡᠭ | ᠦᠢᠯᠡᠰ ᠪᠣᠰᠬᠠᠬᠤ ᠲᠥᠷᠥᠯ ᠵᠦᠢᠯ ᠤᠨ ᠨᠡᠷᠡᠰ ᠢ ᠨᠡᠶᠢᠲᠡᠯᠡᠪᠡ᠂ ᠡᠭᠦᠨ ᠳᠤ ᠯᠦᠩ ᠰᠢᠶᠠᠩ ᠳ᠋ᠠ ᠳ᠋ᠢ ᠰᠢᠨ᠎ᠡ | ᠰᠣᠷᠭᠤᠭ ᠠᠮᠤ ᠪᠤᠳᠠᠭᠠᠨ ᠤ ᠨᠡᠶᠢᠭᠡᠮ ᠲᠣᠭᠤᠷᠢᠭ ᠤᠨ ᠵᠢᠵᠢᠭᠯᠡᠨ ᠪᠣᠷᠤᠯᠠᠭᠤᠯᠭ᠎ᠠ᠂ ᠳ᠋ᠦ᠋ ᠮᠠ ᠭᠠᠷ ᠤᠷᠠᠯᠠᠯ ᠤᠨ | ᠪᠦᠲᠦᠭᠡᠭᠳᠡᠬᠦᠨ ᠵᠡᠷᠭᠡ 100 ᠲᠥᠷᠥᠯ ᠵᠦᠢᠯ ᠪᠠᠭᠲᠠᠪᠠ᠃ | ᠲᠤᠰ ᠤᠳᠠᠭ᠎ᠠ ᠨᠡᠶᠢᠲᠡᠯᠡᠭᠰᠡᠨ ᠦᠢᠯᠡᠰ ᠪᠣᠰᠬᠠᠬᠤ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ ᠤ | ︽8 ᠲᠣᠮᠣ ᠠᠵᠤ ᠦᠢᠯᠡᠰ ᠤᠨ ᠪᠦᠯᠦᠭᠵᠢᠯ᠂ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ︾ ᠶᠢᠨ | ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠳᠤ ᠭᠦᠨᠵᠡᠭᠡᠢ ᠠᠭᠤᠰᠤᠯᠴᠠᠵᠤ᠂ ᠠᠳᠠᠯᠢ ᠪᠤᠰᠤ ᠠᠵᠤ ᠦᠢᠯᠡᠰ ᠤᠨ | ᠲᠦᠷᠦᠯ ᠭᠡᠯᠪᠡᠷᠢ ᠪᠣᠯᠣᠨ ᠠᠵᠤ ᠦᠢᠯᠡᠰ ᠤᠨ ᠪᠦᠯᠦᠭᠵᠢᠯ ᠢ ᠬᠠᠮᠤᠷᠴᠤ᠂ ᠰᠦ ᠶᠢᠨ ᠦᠢᠯᠡᠰ᠂ ᠡᠷᠳᠡᠨᠢ ᠰᠢᠰᠢ᠂ | ᠮᠢᠬᠠᠨ ᠤ ᠬᠤᠨᠢ᠂ ᠮᠢᠬᠠᠨ ᠤ ᠦᠬᠡᠷ ᠵᠡᠷᠭᠡ ᠤᠯᠠᠮᠵᠢᠯᠠᠯᠲᠤ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠣᠨᠴᠠᠯᠢᠭᠲᠤ ᠠᠵᠤ ᠦᠢᠯᠡᠰ ᠲᠤ | ᠬᠤᠯᠪᠣᠭᠳᠠᠬᠤ ᠪᠠᠷ ᠪᠠᠷᠠᠬᠤ ᠦᠭᠡᠢ ᠪᠠᠰᠠ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠤ ᠬᠤᠯᠪᠣᠭᠳᠠᠵᠠᠢ᠃ ᠲᠥᠷᠥᠯ | ᠵᠦᠢᠯ ᠤᠨ ᠠᠭᠤᠯᠭ᠎ᠠ ᠨᠢ ᠡᠯᠪᠡᠭ ᠪᠠᠶᠠᠯᠢᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠤᠯᠠᠮᠵᠢᠯᠠᠯᠲᠤ | ᠳᠠᠪᠠᠭᠤᠯᠢᠭ ᠠᠵᠤ ᠦᠢᠯᠡᠰ ᠤᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠪᠥᠭᠡᠳ | ᠪᠠᠰᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠳᠤ ᠬᠦᠴᠦᠲᠡᠢ ᠬᠥᠳᠡᠯᠭᠡᠬᠦ ᠡᠨᠧᠷᠭᠢ | ᠨᠡᠮᠡᠷᠢᠯᠡᠵᠦ᠂ ᠨᠡᠶᠢᠳᠡᠮ ᠳᠡᠭᠡᠨ ᠨᠡᠯᠢᠶᠡᠳ ᠰᠠᠶᠢᠨ ᠠᠵᠢᠯ ᠣᠯᠭᠤᠬᠤ ᠴᠢᠳᠠᠪᠤᠷᠢ ᠲᠠᠢ ᠪᠠᠶᠢᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠬᠥᠯᠥᠰᠦᠨ ᠮᠠᠯᠴᠢᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ | ᠣᠯᠵᠤ ᠦᠢᠯᠡᠰ ᠪᠣᠰᠬᠠᠬᠤ ᠣᠯᠠᠨ ᠡᠰᠢᠲᠦ ᠰᠣᠩᠭᠤᠯᠲᠠ ᠶᠢ ᠬᠠᠩᠭᠠᠭᠰᠠᠨ ᠪᠥᠭᠡᠳ ᠪᠠᠰᠠ ᠪᠦᠭᠦ ᠣᠷᠣᠨ ᠤ | ᠦᠢᠯᠡᠰ ᠪᠣᠰᠬᠠᠵᠤ ᠰᠢᠨ᠎ᠡ ᠶᠢ ᠡᠭᠦᠳᠬᠦ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ᠂ ᠦᠢᠯᠡᠰ ᠪᠣᠰᠬᠠᠵᠤ | ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠬᠥᠭᠵᠢᠭᠡᠬᠦ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠳᠠᠭᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ | ᠦᠵᠡᠭᠦᠯᠪᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠷᠢᠯᠢᠭᠵᠢᠭᠤᠯᠤᠨ | ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠨ᠂ ᠪᠦᠭᠦ ᠬᠡᠯᠬᠢᠶᠡᠨ ᠤ ᠳᠡᠮᠵᠢᠯᠭᠡ | ᠪᠠᠲᠤᠯᠠᠭ᠎ᠠ ᠶᠢ ᠴᠢᠩᠭᠠᠳᠬᠠᠵᠤ᠂ ︽ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ | ᠪᠣᠰᠬᠠᠬᠤ ᠨᠡᠪᠴᠢᠭᠦᠯᠦᠯᠲᠡ᠂ ᠦᠢᠯᠡᠰ ᠪᠣᠰᠬᠠᠬᠤ ᠠᠵᠢᠯᠯᠠᠭ᠎ᠠ︾ ᠵᠡᠷᠭᠡ ᠳᠥᠷᠪᠡᠨ ᠲᠠᠯ᠎ᠠ ᠪᠠᠷ ᠦᠢᠯᠡᠰ ᠪᠣᠰᠬᠠᠬᠤ | ᠳᠡᠮᠵᠢᠯᠭᠡ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠦᠢᠯᠡᠰ ᠪᠣᠰᠬᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠨᠠᠩ | ᠣᠯᠠᠨ ︽ᠠᠷᠭ᠎ᠠ ᠤᠬᠠᠭᠠᠨ︾ ᠢ ᠠᠵᠢᠯ ᠣᠯᠭᠤᠵᠤ ᠦᠢᠯᠡᠰ ᠪᠣᠰᠬᠠᠬᠤ ︽ᠠᠯᠲᠠᠨ ᠲᠦᠯᠬᠢᠭᠦᠷ︾ ᠪᠤᠯᠭᠠᠬᠤ ᠪᠣᠯᠣᠨ᠎ᠠ᠃ | | |