ᠮᠠᠨ ᠤ ᠣᠷᠣᠨ 2025 ᠣᠨ ᠤ ᠠᠩᠬᠠᠳᠠᠭᠴᠢ ᠪᠦᠯᠦᠭ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/3/24
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠤᠯᠭᠠᠬᠤ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠲᠠᠷᠬᠠᠭᠠᠭᠰᠠᠨ﹇2018﹈69 ᠳ᠋ᠦ᠋ᠭᠡᠷ ᠲᠣᠭᠠᠲᠤ ᠮᠠᠲ᠋ᠧᠷᠢᠶᠠᠯ︶ ᠪᠣᠯᠣᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠣᠩᠭᠤᠨ  ᠬᠥᠭᠵᠢᠭᠦᠯᠬᠦ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ﹇2023﹈1032 ᠳ᠋ᠤᠭᠠᠷ ᠲᠣᠭᠠᠲᠤ ᠮᠠᠲ᠋ᠧᠷᠢᠶᠠᠯ︶ ᠤᠨ ᠱᠠᠭᠠᠷᠳᠠᠯᠭ᠎ᠠ ᠶᠢ ᠦᠨᠳᠦᠰᠦᠯᠡᠨ᠂ 13 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠳᠠᠭᠤᠷᠢᠶᠠᠯ ᠦᠵᠡᠭᠦᠯᠭᠦ ᠠᠵᠤ ᠠᠬᠤᠶᠢᠯᠠᠯ ᠢᠶᠠᠷ ᠲᠣᠭᠲᠠᠭᠠᠵᠤ᠂ 62 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ ᠢᠶᠠᠷ ᠲᠣᠭᠲᠠᠭᠠᠵᠤ᠂︽ᠢᠲᠡᠭᠡᠮᠵᠢᠲᠦ ᠳᠤᠮᠳᠠᠳᠤ ᠤᠯᠤᠰ︵ᠥᠪᠥᠷ ᠮᠣᠩᠭᠤᠯ︶︾ ︵http᠄//fgw.nmg.gov.cn/xynmg︶ ᠤᠨ ᠰᠦᠯᠵᠢᠶ᠎ᠡ ᠪᠠᠷ ᠵᠢᠩᠬᠢᠨᠢ ᠪᠠᠷ ᠵᠠᠷᠯᠠᠨ ᠨᠡᠶᠢᠲᠡᠯᠡᠵᠡᠢ᠃      ᠭᠦᠭᠡᠬᠤᠲᠠ ᠶᠢᠨ ᠰᠢᠩ ᠶᠧ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠳ᠋ᠧ ᠧᠨ ᠬᠠᠮᠢᠶᠠᠷᠤᠯᠲᠠ ᠪᠠ ᠯᠠᠪᠯᠠᠭ᠎ᠠ ᠶᠢᠨ ᠬᠢᠵᠠᠭᠠᠷᠲᠤ ᠺᠤᠮᠫᠠᠨᠢ ᠵᠡᠷᠭᠡ 13 ᠺᠤᠮᠫᠠᠨᠢ ᠦᠨᠡᠨᠴᠢ ᠢᠲᠡᠭᠡᠮᠵᠢ ᠶᠢᠨ ᠳᠠᠭᠤᠷᠢᠶᠠᠯ ᠦᠵᠡᠭᠦᠯᠭᠦ ᠠᠵᠤ ᠠᠬᠤᠶᠢᠯᠠᠯ ᠢᠶᠠᠷ ᠲᠣᠭᠲᠠᠭᠠᠭᠳᠠᠵᠤ᠂ ᠤᠯᠠᠭᠠᠨᠬᠠᠳᠠ ᠶᠢᠨ ᠯᠢ ᠴᠢᠶᠦ᠋ᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠹᠦ᠋ ᠴᠧᠩ ᠰᠢᠶᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠭᠤᠸᠠᠩ ᠬᠤᠶ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠵᠡᠷᠭᠡ 62 ᠠᠵᠤ ᠠᠬᠤᠶᠢᠯᠠᠯ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ ᠢᠶᠠᠷ ᠲᠣᠭᠲᠠᠭᠠᠭᠳᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号