ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/3/24
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠥᠯ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄      ᠬᠡᠷᠡᠭᠯᠡᠭᠡ ᠶᠢ ᠶᠡᠭᠡ ᠪᠠᠷ ᠬᠥᠭᠵᠢᠭᠡᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠭᠦ ᠲᠠᠯ᠎ᠠ ᠪᠠᠷ ᠥᠷᠭᠡᠳᠬᠡᠵᠦ᠂ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠪᠠᠷ ᠬᠡᠷᠡᠭᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠬᠠᠩᠭᠠᠯᠭ᠎ᠠ ᠪᠠᠷ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢ ᠡᠭᠦᠳᠴᠦ᠂ ᠬᠡᠷᠡᠭᠯᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠬᠡᠷᠡᠭᠯᠡᠭᠡ ᠬᠢᠬᠦ ᠬᠦᠰᠡᠯ ᠰᠠᠨᠠᠭ᠎ᠠ ᠶᠢ ᠨᠡᠮᠡᠭᠳᠡᠭᠦᠯᠦᠨ᠂ ᠬᠡᠷᠡᠭᠯᠡᠭᠡ ᠶᠢ ᠬᠢᠵᠠᠭᠠᠷᠯᠠᠵᠤ ᠪᠦᠬᠦᠢ ᠲᠣᠪᠣᠶᠢᠮ᠎ᠠ ᠵᠥᠷᠢᠴᠡᠯ ᠪᠠ ᠠᠰᠠᠭᠤᠳᠠᠯ ᠢ ᠴᠢᠭᠯᠡᠭᠦᠯᠬᠦ ᠴᠢᠨᠠᠷᠲᠠᠢ ᠪᠠᠷ ᠰᠢᠢᠳᠪᠦᠷᠢᠯᠡᠬᠦ ᠶᠢᠨ ᠲᠤᠰᠠᠳᠠ᠂ ᠡᠳᠦᠭᠡ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠲᠣᠰ ᠲᠥᠰᠥᠯ ᠢ ᠲᠣᠭᠲᠠᠭᠠᠪᠠ᠃      ᠨᠢᠭᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯᠯᠠᠭ᠎ᠠ      ︵ᠨᠢᠭᠡ︶ ᠴᠠᠯᠢᠩ ᠤᠨ ᠴᠢᠨᠠᠷᠲᠠᠢ ᠣᠷᠣᠯᠭ᠎ᠠ ᠶᠢᠨ ᠵᠦᠢ ᠵᠣᠬᠢᠰᠲᠠᠢ ᠨᠡᠮᠡᠭᠳᠡᠯ ᠢ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠳᠠᠭᠠᠳᠬᠠᠯ ᠤᠨ ᠮᠥᠩᠭᠦ ᠶᠢ ᠪᠤᠴᠠᠭᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠪᠠᠶᠢᠳᠠᠯ ᠤᠨ ᠬᠤᠪᠢᠷᠠᠯᠲᠠ ᠲᠠᠢ ᠤᠶᠠᠯᠳᠤᠭᠤᠯᠤᠨ ᠠᠵᠢᠯ ᠣᠯᠭᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠠᠵᠢᠯ ᠢ ᠰᠠᠶᠢᠲᠤᠷ ᠬᠢᠨ᠎ᠡ᠃ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠭᠲᠠᠴᠠ ᠶᠢ ᠪᠦᠷᠢᠨᠰᠢᠭᠦᠯᠵᠦ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠢᠨᠵᠧᠨᠧᠷᠢᠩ ᠤᠨ ᠵᠦᠢᠯᠡᠰ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠳᠤᠮᠳᠠ ᠪᠠᠭ᠎ᠠ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠭᠦᠳᠡᠯᠮᠦᠷᠢ ᠦᠢᠯᠡᠴᠢᠯᠡᠭᠡ ᠶᠢᠨ ᠬᠥᠯᠥᠰᠦ ᠣᠯᠭᠤᠮᠵᠢ ᠣᠯᠭᠤᠬᠤ ᠬᠡᠪᠴᠢᠶ᠎ᠡ ᠶᠢ ᠥᠷᠭᠡᠳᠬᠡᠨ᠎ᠡ᠃      ︵ᠬᠤᠶᠠᠷ︶ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠦᠴᠦᠨ ᠤ ᠨᠥᠭᠡᠴᠡᠯᠡᠯᠲᠡ ᠪᠠ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠨ ᠤ ᠳᠠᠭᠠᠳᠬᠠᠯ ᠤᠨ ᠪᠡᠯᠡ ᠮᠥᠩᠭᠦ᠂ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ᠂ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠰᠠᠭᠤᠷᠢ ᠮᠥᠩᠭᠦ ᠵᠡᠷᠭᠡ ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠤᠨ ᠴᠡᠭ ᠢ ᠲᠦᠷᠭᠡᠪᠴᠢᠯᠡᠨ ᠨᠠᠪᠲᠠᠷᠡᠭᠦᠯᠵᠦ᠂ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠲ᠋ᠣᠺ ᠡᠵᠡᠮᠳᠡᠭᠰᠡᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠡᠳ᠋ ᠤᠨ ᠶᠠᠪᠤᠳᠠᠯ ᠢ ᠬᠠᠭᠤᠷᠮᠠᠭᠯᠠᠨ ᠵᠣᠬᠢᠶᠠᠬᠤ ᠪᠠ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠬᠤᠪᠢ ᠣᠷᠣᠭᠤᠯᠤᠭᠴᠢ ᠶᠢᠨ ᠲᠣᠭᠲᠠᠭᠠᠯ ᠢ ᠵᠥᠷᠢᠴᠡᠨ ᠬᠤᠪᠢᠴᠠᠭ᠎ᠠ ᠪᠠᠨ ᠬᠠᠰᠤᠬᠤ ᠵᠡᠷᠭᠡ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠤᠪᠢ ᠬᠥᠮᠥᠨ ᠤ ᠪᠡᠯᠡ ᠣᠷᠣᠭᠤᠯᠤᠭᠴᠢ ᠶᠢᠨ ᠪᠡᠯᠡ ᠣᠷᠣᠭᠤᠯᠬᠤ ᠳᠤ ᠲᠣᠬᠢᠷᠠᠬᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶ᠎ᠠ ᠪᠦᠬᠦᠢ ᠦᠢᠯᠡᠳᠬᠦᠨ ᠤ ᠲᠥᠷᠥᠯ ᠵᠦᠢᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃      ︵ᠭᠤᠷᠪᠠ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠠ ᠭᠠᠵᠠᠷ ᠰᠢᠷᠣᠢ ᠶᠢᠨ ᠨᠡᠮᠡᠭᠳᠡᠯ ᠦᠷᠲᠡᠭ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠤᠷᠰᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠴᠢᠨ ᠡᠷᠦᠭᠡ ᠶᠢᠨ ᠬᠠᠤᠯᠢ ᠶᠣᠰᠣᠭᠠᠷ ᠡᠵᠡᠮᠰᠢᠵᠦ ᠪᠠᠶᠢᠭ᠎ᠠ ᠣᠷᠣᠨ ᠰᠠᠭᠤᠴᠠ ᠶᠢ ᠠᠮᠢᠳᠤᠯᠢᠭ ᠢᠶᠠᠷ ᠠᠰᠢᠭᠯᠠᠬᠤ ᠶᠢ ᠰᠦᠪᠡᠭᠴᠢᠯᠡᠨ᠎ᠡ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠴᠢᠳᠠᠪᠤᠷᠢ ᠶᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠲᠥᠷᠥᠯ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ ᠪᠦᠲᠦᠭᠡᠭᠳᠡᠬᠦᠨ ᠨᠢᠭᠡ ᠢᠯᠡᠳᠬᠡᠮᠵᠢ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠪᠣᠬᠢᠷᠳᠤᠯ ᠦᠭᠡᠢ᠂ ᠣᠷᠭᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ᠂ ᠣᠶ  ᠶᠢᠨ ᠳᠣᠲᠣᠷᠠᠬᠢ ᠠᠵᠤ ᠠᠬᠤᠢ᠂ ᠠᠷᠠᠳ ᠤᠨ ᠤᠯᠠᠮᠵᠢᠯᠠᠯᠲᠤ ᠪᠠᠭᠤᠴᠠ ᠶᠢᠨ ᠠᠵᠤ ᠠᠬᠤᠢ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠲᠠᠷᠢᠶᠠᠯᠠᠬᠤ ᠡᠷᠦᠭᠡ ᠲᠠᠢ ᠬᠤᠯᠪᠤᠭᠠᠯᠠᠨ ᠲᠠᠷᠢᠶᠠᠴᠢᠨ ᠢ ᠳᠠᠶᠢᠴᠢᠯᠠᠬᠤ ᠶᠢ ᠴᠢᠩᠭᠠᠷᠠᠭᠤᠯᠤᠨ᠎ᠠ᠃      ︵ᠳᠥᠷᠪᠡ︶ ᠲᠠᠩᠰᠠᠨ ᠳᠠᠬᠢ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠨ᠎ᠡ᠃ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠲᠥᠯᠥᠬᠦ ᠠᠵᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ︽ᠲᠤᠰᠢᠶᠠᠪᠠᠰᠤ ᠵᠣᠬᠢᠬᠤ ᠶᠢ ᠨᠢ ᠲᠦᠷᠭᠡᠨ ᠥᠭᠴᠦ᠂ ᠲᠤᠰᠢᠶᠠᠪᠠᠰᠤ ᠵᠣᠬᠢᠬᠤ ᠶᠢ ᠨᠢ ᠭᠦᠢᠴᠡᠳ ᠥᠭᠴᠦ︾᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠢᠲᠡᠭᠡᠯ ᠠᠯᠳᠠᠭᠰᠠᠨ ᠬᠢᠵᠠᠭᠠᠷᠯᠠᠯ ᠢ ᠴᠢᠩᠭᠠᠷᠠᠭᠤᠯᠵᠤ᠂ ᠥᠷᠢ ᠥᠭᠴᠡᠭᠡ ᠶᠢ ᠢᠯᠭᠠᠷᠠᠭᠤᠯᠬᠤ ᠤᠷᠳᠤ ᠬᠤᠭᠤᠴᠠᠭᠠᠨ  ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃      ᠬᠤᠶᠠᠷ᠂ ᠬᠡᠷᠡᠭᠯᠡᠭᠡᠨ ᠤ ᠴᠢᠳᠠᠪᠤᠷᠢ ᠶᠢᠨ ᠪᠠᠲᠤᠯᠠᠭ᠎ᠠ ᠶᠢ ᠳᠡᠮᠵᠢᠬᠦ ᠠᠵᠢᠯᠯᠠᠭ᠎ᠠ      ︵ᠲᠠᠪᠤ︶ᠲᠥᠷᠥᠵᠦ ᠥᠰᠬᠡᠬᠦ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ ᠬᠡᠦᠬᠡᠳ ᠪᠣᠶᠢᠵᠢᠭᠤᠯᠬᠤ ᠨᠥᠬᠦᠪᠦᠷᠢ ᠶᠢᠨ ᠳᠦᠷᠢᠮ ᠢ ᠰᠤᠳᠤᠯᠤᠨ ᠪᠠᠶᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠢ ᠵᠢᠯᠤᠭᠤᠳᠴᠤ ᠪᠠᠶᠢᠭᠠᠳ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠲᠠᠷᠢᠶᠠᠴᠢᠨ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠮᠥᠰ ᠢ ᠦᠷᠡᠵᠢᠯ ᠤᠨ ᠳᠠᠭᠠᠳᠬᠠᠯ ᠳᠤ ᠣᠷᠣᠭᠤᠯᠤᠨ᠎ᠠ᠃ ᠬᠡᠦᠬᠡᠳ ᠤᠨ ᠰᠠᠯᠠᠭᠠᠨ ᠤ ᠦᠢᠯᠡᠴᠢᠯᠡᠭᠡᠨ ᠤ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠬᠡᠦᠬᠡᠳ ᠤᠨ ᠰᠠᠯᠠᠭᠠᠨ ᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠡᠦᠬᠡᠳ ᠤᠨ ᠤᠯᠠᠷᠢᠯ ᠤᠨ ᠴᠢᠨᠠᠷᠲᠠᠢ ᠡᠪᠡᠳᠴᠢᠨ ᠣᠯᠠᠨ ᠡᠭᠦᠰᠬᠦ ᠬᠤᠭᠤᠴᠠᠭᠠᠨ ᠳᠤ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠰᠥᠨᠢ ᠶᠢᠨ ᠬᠡᠦᠬᠡᠳ ᠤᠨ ᠰᠠᠯᠠᠭ᠎ᠠ ᠶᠢᠨ ᠡᠭᠦᠳᠡᠨ︵ᠲᠦᠷᠭᠡᠨ︶ᠡᠮᠨᠡᠯᠭᠡ ᠶᠢ ᠨᠡᠭᠡᠭᠡᠬᠦ ᠡᠷᠴᠢᠮ ᠢ ᠴᠢᠩᠭᠠᠷᠠᠭᠤᠯᠤᠨ᠎ᠠ᠃      ︵ᠵᠢᠷᠭᠤᠭ᠎ᠠ︶ ᠰᠤᠷᠭᠠᠨ ᠬᠥᠮᠦᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠰᠤᠷᠬᠤ ᠨᠠᠰᠤᠨ ᠤ ᠬᠥᠮᠥᠨ ᠠᠮᠠ ᠰᠢᠯᠵᠢᠵᠦ ᠣᠴᠢᠭᠰᠠᠨ ᠬᠤᠲᠠ ᠪᠠᠯᠭᠠᠰᠤ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠎ᠡ᠃ 2025 ᠣᠨ ᠳᠤ ᠬᠡᠰᠡᠭ ᠰᠤᠷᠤᠬᠴᠢᠳ ᠢ ᠲᠤᠰᠠᠯᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠯᠦᠭᠡ ᠨᠢᠭᠲᠠ ᠵᠣᠯᠭᠠᠭᠤᠯᠬᠤ ᠶᠢ ᠠᠬᠢᠭᠤᠯᠵᠤ᠂ ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠠᠬᠢ ᠲᠣᠬᠢᠷᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠳᠣᠯᠤᠭ᠎ᠠ︶ ᠡᠮᠴᠢᠯᠡᠭᠡ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠵᠣᠬᠢᠰᠲᠠᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ 2025 ᠣᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯᠣᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠢᠯ ᠠᠴᠠ ᠪᠠᠨ ᠠᠮᠠᠷᠠᠭᠰᠠᠨ ᠬᠥᠮᠥᠰ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠳᠡᠭᠡᠭᠰᠢᠯᠡᠭᠦᠯᠦᠨ᠎ᠡ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠣᠭᠰᠠᠳ ᠤᠨ ᠠᠵᠢᠯ ᠣᠯᠣᠭᠰᠠᠨ ᠭᠠᠵᠠᠷ ᠲᠠᠭᠠᠨ ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠢᠵᠠᠭᠠᠷᠯᠠᠯ ᠢ ᠬᠦᠴᠦᠨ ᠦᠭᠡᠢ ᠪᠤᠯᠭᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢᠨ ᠴᠡᠭ ᠢ ᠥᠷᠭᠡᠳᠬᠡᠨ᠎ᠡ᠃      ︵ᠨᠠᠢᠮᠠ︶ ᠭᠤᠣᠯᠳᠠᠯᠭ᠎ᠠ ᠲᠠᠢ ᠬᠥᠮᠥᠰ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠪᠠ ᠲᠠᠰ ᠲᠥᠷᠥᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ᠂ ᠲᠤᠰᠬᠠᠢ ᠵᠦᠢᠯ ᠤᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ᠂ ᠠᠵᠤ ᠦᠢᠯᠡᠰ ᠢᠶᠠᠷ ᠠᠵᠢᠯ ᠣᠯᠭᠤᠬᠤ ᠶᠢ ᠴᠢᠩᠭᠠᠷᠠᠭᠤᠯᠬᠤ ᠵᠡᠷᠭᠡ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠶᠢ ᠠᠬᠢᠭᠤᠯᠤᠨ᠎ᠠ᠃ ᠪᠦᠷᠢᠮᠦᠰᠦᠨ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠤᠨ ᠬᠦᠴᠢᠷᠳᠡᠯᠲᠡᠢ ᠣᠯᠠᠨ ᠲᠦᠮᠡᠨ ᠳᠤ ᠠᠪᠤᠷᠠᠨ ᠲᠤᠰᠠᠯᠠᠬᠤ ᠮᠥᠩᠭᠦ ᠣᠯᠭᠤᠬᠤ ᠪᠤᠶᠤ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠭᠦᠨ᠎ᠡ᠃      ᠭᠤᠷᠪᠠ᠂ ᠦᠢᠯᠡᠴᠢᠯᠡᠭᠡᠨ ᠤ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ      ︵ᠶᠢᠰᠦ︶ᠥᠲᠡᠭᠦᠰ ᠨᠢᠯᠬᠠᠰ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠪᠦᠭᠦ ᠨᠡᠶᠢᠭᠡᠮ ᠤᠨ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠵᠤ᠂ ᠣᠷᠣᠨ ᠨᠤᠲᠤᠭ ᠤᠨ ᠲᠤᠷᠰᠢᠯᠲᠠ ᠶᠢᠨ ᠴᠡᠭ ᠤᠨ ᠬᠠᠶᠢᠨ ᠰᠦᠪᠡᠭᠴᠢᠯᠡᠯᠲᠡ ᠬᠢᠬᠦ ᠶᠢ ᠳᠡᠮᠵᠢᠵᠦ᠂ ᠣᠯᠠᠨ ᠳᠠᠪᠬᠤᠷᠭᠠᠲᠤ ᠪᠠᠷᠢᠯᠭ᠎ᠠ ᠳᠤ ᠴᠠᠭᠢᠯᠭᠠᠨ ᠱᠠᠲᠤ ᠨᠡᠮᠡᠵᠦ ᠤᠭᠰᠠᠷᠠᠬᠤ ᠪᠠ ᠨᠠᠰᠤᠲᠠᠶᠢᠴᠤᠳ ᠤᠨ ᠬᠤᠭᠤᠯᠠᠨ ᠤ ᠦᠢᠯᠡᠴᠢᠯᠡᠭᠡ ᠶᠢ ᠬᠥᠭᠵᠢᠭᠦᠯᠬᠦ ᠶᠢ ᠪᠦᠬᠦᠯᠢ ᠴᠣᠭᠴᠠ ᠪᠠᠷ ᠨᠢ ᠠᠬᠢᠭᠤᠯᠤᠨ᠎ᠠ᠃ ᠥᠲᠡᠯᠬᠦ ᠶᠢ ᠳᠠᠭᠠᠭᠠᠬᠤ᠂ ᠪᠤᠭᠤᠷᠤᠯᠴᠤᠳ ᠤᠨ ᠵᠢᠭᠤᠯᠴᠢᠯᠠᠯ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠤᠭᠤᠷᠤᠯᠴᠤᠳ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠪᠠᠳᠠᠷᠠᠭᠤᠯᠤᠨ᠎ᠠ᠃ ᠨᠡᠶᠢᠭᠡᠮ ᠲᠣᠭᠤᠷᠢᠭ ᠤᠨ ᠰᠢᠭᠢᠳᠭᠡᠯᠳᠤ ᠮᠠᠶ᠋ᠢᠭ ᠤᠨ ᠬᠡᠦᠬᠡᠳ ᠰᠠᠭᠠᠲᠠᠭᠤᠯᠬᠤ᠂ ᠬᠥᠮᠥᠨ ᠬᠡᠷᠡᠭᠯᠡᠬᠦ ᠨᠢᠭᠡᠴᠢ ᠶᠢᠨ ᠬᠡᠦᠬᠡᠳ ᠰᠠᠭᠠᠲᠠᠭᠤᠯᠬᠤ ᠭᠠᠵᠠᠷ ᠡᠷᠭᠢᠯᠡᠭᠦ ᠪᠠ ᠬᠡᠦᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠵᠣᠷᠢᠭᠵᠢᠭᠤᠯᠤᠨ ᠬᠥᠭᠵᠢᠭᠦᠯᠦᠨ᠎ᠡ᠃ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠨ ᠵᠢᠷᠤᠮᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠠᠯᠠᠪᠤᠷ ᠭᠠᠵᠠᠷ ᠤᠨ ᠳᠡᠮᠵᠢᠯᠭᠡ ᠪᠠ ᠡᠵᠡᠩᠨᠡᠯᠲᠡ ᠶᠢᠨ ᠨᠥᠬᠦᠪᠦᠷᠢ ᠥᠭᠬᠦ ᠶᠢ ᠵᠣᠷᠢᠭᠵᠢᠭᠤᠯᠤᠨ᠎ᠠ᠃      ︵ᠠᠷᠪᠠ︶ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠤᠨ᠎ᠠ᠃ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠡᠷᠡᠭᠯᠡᠭᠡ ᠶᠢᠨ ᠠᠬᠤᠢ ᠲᠠᠯᠠᠪᠠᠶ ᠶᠢᠨ ᠰᠢᠨ᠎ᠡ ᠶᠢ ᠡᠭᠦᠳᠬᠦ᠂ ᠡᠵᠡᠩᠨᠡᠯᠲᠡ ᠶᠢᠨ ᠪᠠᠶᠢᠳᠠᠯ ᠢ ᠠᠭᠤᠰᠤᠯᠴᠠᠭᠤᠯᠬᠤ᠂ ᠠᠵᠤ ᠦᠢᠯᠡᠰ ᠢ ᠲᠥᠪᠯᠡᠷᠡᠭᠦᠯᠬᠦ ᠶᠢ ᠳᠡᠮᠵᠢᠨ᠎ᠡ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ ᠬᠥᠭᠵᠢᠯᠲᠡ ᠶᠢ ᠳᠠᠮᠵᠢᠨ᠎ᠠ᠃ ᠭᠡᠷ ᠤᠨ ᠶᠠᠪᠤᠳᠠᠯ ᠤᠨ ᠦᠢᠯᠡᠴᠢᠯᠡᠭᠡᠨ ᠤ ᠪᠣᠯᠪᠠᠰᠤᠷᠠᠯ ᠤᠨ ᠡᠷᠴᠢᠮ ᠢ ᠨᠡᠮᠡᠭᠳᠡᠭᠦᠯᠦᠨ᠂ ᠨᠡᠩ ᠤᠯᠠᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ ᠭᠡᠷ ᠤᠨ ᠶᠠᠪᠤᠳᠠᠯ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠬᠦ ᠶᠢ ᠵᠣᠷᠢᠭᠵᠢᠭᠤᠯᠵᠤ᠂ ᠡᠮᠡᠭᠲᠡᠶᠢᠴᠦᠳ ᠤᠨ ᠭᠡᠷ ᠤᠨ ᠶᠠᠪᠤᠳᠠᠯ ᠤᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠲᠤᠰᠬᠠᠢ ᠵᠦᠢᠯ ᠤᠨ ᠪᠣᠯᠪᠠᠰᠤᠷᠠᠯ ᠤᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠡᠷ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠤᠨ ᠰᠢᠰᠲ᠋ᠧᠮ ᠪᠣᠯᠣᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠬᠦᠷᠢᠶ᠎ᠡ ᠪᠠ ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠭᠡᠷ ᠤᠨ ᠶᠠᠪᠤᠳᠠᠯ᠂ ᠰᠡᠯᠪᠢᠨ ᠵᠠᠰᠠᠬᠤ ᠵᠡᠷᠭᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ᠲᠣᠣᠷ ᠴᠡᠭ ᠢ ᠪᠦᠷᠢᠨᠰᠢᠭᠦᠯᠦᠨ ᠲᠣᠬᠢᠷᠠᠭᠤᠯᠬᠤ ᠶᠢ ᠲᠦᠷᠭᠡᠳᠬᠡᠨ᠎ᠡ᠃      ︵ᠠᠷᠪᠠᠨ ᠨᠢᠭᠡ︶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ ᠶᠢᠨ ᠲᠠᠮᠢᠷ ᠡᠷᠡᠭᠦᠯ ᠮᠡᠨᠳᠦ ᠣᠯᠠᠨ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠬᠡᠷᠡᠭᠯᠡᠭᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠣᠯᠠᠨ ᠡᠰᠢᠵᠢᠭᠰᠡᠨ ᠬᠡᠷᠡᠭᠯᠡᠭᠡ ᠶᠢᠨ ᠠᠬᠤᠢ ᠪᠠᠶᠢᠳᠠᠯ ᠤᠨ ᠰᠢᠨ᠎ᠡ ᠶᠢ ᠡᠭᠦᠳᠦᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠰᠣᠶᠣᠯ ᠤᠨ ᠦᠵᠡᠰᠭᠦᠯᠡᠩ ᠤᠨ ᠨᠢᠭᠡᠴᠢ ᠶᠢᠨ ᠦᠢᠯᠡᠴᠢᠯᠡᠭᠡᠨ ᠤ ᠲᠥᠷᠥᠯ ᠵᠦᠢᠯ ᠢᠶᠠᠨ ᠥᠷᠭᠡᠳᠬᠡᠬᠦ ᠶᠢ ᠳᠡᠮᠵᠢᠵᠦ᠂ ᠡᠵᠡᠩᠨᠡᠬᠦ ᠴᠠᠭ ᠢ ᠵᠣᠬᠢᠰᠲᠠᠢ ᠤᠷᠲᠤᠳᠬᠠᠵᠤ᠂ ᠭᠥᠯᠢᠶᠡᠨ ᠠᠪᠬᠤ ᠬᠡᠪᠴᠢᠶ᠎ᠡ ᠶᠢ ᠥᠷᠭᠡᠳᠬᠡᠨ᠎ᠡ᠃ ᠡᠯ᠎ᠡ ᠭᠠᠵᠠᠷ ᠤᠨ ᠴᠢᠨᠠᠷ ᠰᠠᠶᠢᠲᠠᠢ ᠪᠡᠶ᠎ᠡ ᠶᠢᠨ ᠲᠠᠮᠢᠷ ᠤᠨ ᠲᠥᠷᠥᠯ ᠵᠦᠢᠯ ᠪᠠ ᠣᠨᠴᠠᠯᠢᠭᠲᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠩᠭᠠᠯᠭ᠎ᠠ ᠶᠢ ᠨᠡᠮᠡᠭᠳᠡᠭᠦᠯᠬᠦ ᠶᠢ ᠳᠡᠮᠵᠢᠨ᠎ᠡ᠃ ᠡᠵᠡᠩᠨᠡᠯᠲᠡ ᠶᠢᠨ ᠴᠢᠨᠠᠷᠲᠠᠢ ᠲᠣᠬᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠡᠯ᠎ᠡ ᠲᠥᠷᠥᠯ ᠤᠨ ᠲᠣᠮᠣ ᠭᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠤᠳᠠᠯᠳᠤᠵᠤ ᠪᠤᠯᠬᠤ ︵ᠲᠠᠷᠬᠠᠭᠠᠬᠤ︶ ᠪᠢᠯᠧᠲ ᠤᠨ ᠲᠤᠭ᠎ᠠ ᠬᠡᠮᠵᠢᠶ᠎ᠡ ᠶᠢ ᠠᠮᠤᠷ ᠲᠦᠪᠰᠢᠨ ᠢᠶᠠᠷ ᠡᠵᠡᠮᠳᠡᠵᠦ ᠳᠡᠭᠡᠭᠰᠢᠯᠡᠭᠦᠯᠦᠨ᠂ ᠲᠣᠭᠤᠷᠢᠨ ᠲᠣᠭᠯᠠᠬᠤ ᠲᠥᠷᠥᠯ ᠵᠦᠢᠯ ᠤᠨ ᠠᠩᠬ᠎ᠠ ᠲᠣᠭᠯᠠᠬᠤ ᠭᠠᠵᠠᠷ ᠤᠨ ᠠᠭᠤᠯᠭ᠎ᠠ ᠶᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂︽ᠨᠢᠭᠡ ᠤᠳᠠᠭ᠎ᠠ ᠳᠤ ᠬᠢᠨᠠᠨ ᠵᠥᠪᠰᠢᠶᠡᠷᠡᠵᠦ᠂ ᠪᠦᠭᠦ ᠤᠯᠤᠰ ᠲᠤ ᠲᠣᠭᠤᠷᠢᠨ ᠲᠣᠭᠯᠠᠬᠤ︾ ᠶᠢ ᠬᠡᠷᠡᠭᠵᠢᠭᠦᠯᠦᠨ᠎ᠡ᠃      ︵ᠠᠷᠪᠠᠨ ᠬᠤᠶᠠᠷ︶ ᠮᠥᠰᠥ ᠴᠠᠰᠤᠨ ᠤ ᠬᠡᠷᠡᠭᠯᠡᠭᠡ ᠶᠢ ᠠᠬᠢᠭᠤᠯᠤᠨ᠎ᠠ᠃ ᠮᠥᠰᠥ ᠴᠠᠰᠤᠨ ᠤ ᠵᠢᠭᠤᠯᠴᠢᠯᠠᠯ ᠢ ᠳᠡᠭᠡᠭᠰᠢᠯᠡᠭᠦᠯᠭᠦ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠮᠥᠰᠥ ᠴᠠᠰᠤᠨ ᠤ ᠬᠡᠷᠡᠭᠯᠡᠭᠡᠨ ᠤ ᠤᠯᠠᠷᠢᠯ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠮᠥᠰᠥ ᠴᠠᠰᠤᠨ ᠤ ᠭᠤᠣᠯ ᠰᠡᠳᠦᠪᠲᠦ ᠴᠢᠨᠠᠷ ᠰᠠᠶᠢᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠵᠤ᠂ ᠮᠥᠰᠥ ᠴᠠᠰᠤᠨ ᠤ ᠡᠬᠢ ᠪᠠᠶᠠᠯᠢᠭ ᠡᠯᠪᠡᠭ ᠳᠡᠯᠪᠡᠭ ᠭᠠᠵᠠᠷ ᠣᠷᠣᠨ ᠳᠤ ᠪᠦᠭᠦ ᠪᠥᠮᠪᠥᠷᠴᠡᠭ ᠤᠨ ᠨᠡᠷ᠎ᠡ ᠴᠤᠤᠲᠠᠢ ᠮᠥᠰᠥ ᠴᠠᠰᠤᠨ ᠤ ᠵᠢᠭᠤᠯᠴᠢᠯᠠᠯ ᠤᠨ ᠴᠢᠨᠠᠷ ᠰᠠᠶᠢᠲᠠᠢ ᠬᠠᠷᠠᠯᠲᠠᠲᠤ ᠭᠠᠵᠠᠷ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠡᠯ᠎ᠡ ᠭᠠᠵᠠᠷ ᠤᠨ ᠬᠢᠨ ᠤ ᠴᠠᠭ ᠬᠤᠭᠤᠴᠠᠭ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠥᠰᠥ ᠴᠠᠰᠤᠨ ᠤ ᠲᠠᠯᠠᠪᠤᠷ ᠭᠠᠵᠠᠷ ᠪᠠ ᠬᠡᠷᠡᠭᠯᠡᠭᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠬᠤ ᠶᠢ ᠵᠣᠷᠢᠭᠵᠢᠭᠤᠯᠤᠨ᠎ᠠ᠃      ︵ᠠᠷᠪᠠᠨ ᠭᠤᠷᠪᠠ︶ ᠬᠢᠯᠢ ᠳᠤ ᠣᠷᠣᠬᠤ ᠬᠡᠷᠡᠭᠯᠡᠭᠡ ᠶᠢ ᠬᠥᠭᠵᠢᠭᠦᠯᠦᠨ᠎ᠡ᠃ ᠭᠠᠭᠴᠠ ᠲᠠᠯ᠎ᠠ ᠠᠴᠠ ᠸᠢᠰᠠᠯᠠᠬᠤ ᠠᠴᠠ ᠬᠡᠯᠲᠦᠷᠢᠭᠦᠯᠬᠦ ᠤᠯᠤᠰ ᠤᠨ ᠬᠡᠪᠴᠢᠶ᠎ᠡ ᠶᠢ ᠡᠮᠬᠢ ᠵᠢᠷᠤᠮ ᠲᠠᠢ ᠥᠷᠭᠡᠳᠬᠡᠵᠦ᠂ ᠣᠷᠣᠨ ᠪᠦᠰᠡ ᠶᠢᠨ ᠴᠢᠨᠠᠷᠲᠠᠢ ᠬᠢᠯᠢ ᠳᠤ ᠣᠷᠣᠵᠤ ᠸᠢᠰᠠᠯᠠᠬᠤ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠬᠢᠯᠢ ᠳᠤ ᠣᠷᠣᠬᠤ ᠨᠡᠩ ᠤᠯᠠᠨ ᠴᠢᠨᠠᠷ ᠰᠠᠶᠢᠲᠠᠢ ᠵᠢᠭᠤᠯᠴᠢᠯᠠᠯ ᠤᠨ ᠱᠤᠭᠤᠮ ᠪᠠ ᠦᠢᠯᠡᠴᠢᠯᠡᠭᠡ ᠶᠢ ᠭᠠᠷᠭᠠᠵᠤ᠂ ᠬᠢᠯᠢ ᠶᠢᠨ ᠭᠠᠳᠠᠨᠠᠬᠢ ᠠᠶᠠᠨᠴᠢᠳ ᠤᠨ ᠳᠤᠮᠳᠠᠳᠤ ᠤᠯᠤᠰ ᠲᠠᠬᠢ ᠵᠢᠭᠤᠯᠴᠢᠯᠠᠯ ᠤᠨ ᠳᠥᠭᠦᠮ ᠳᠥᠲᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠡᠮᠴᠢᠯᠡᠭᠡ᠂ ᠴᠤᠭᠯᠠᠭᠠᠨ ᠦᠵᠡᠰᠭᠦᠯᠡᠩ ᠵᠡᠷᠭᠡ ᠵᠠᠬ᠎ᠠ ᠳᠡᠯᠭᠡᠭᠦᠷ ᠢ ᠪᠣᠶᠢᠵᠢᠭᠤᠯᠤᠨ᠎ᠠ᠃ ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢ ᠪᠣᠶᠢᠵᠢᠭᠤᠯᠤᠨ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠬᠤᠲᠠ ᠶᠢᠨ ᠪᠣᠭᠤᠮᠲᠠ ᠳᠤ ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠨᠡᠭᠡᠭᠡᠬᠦ ᠶᠢ ᠳᠡᠮᠵᠢᠨ᠎ᠡ᠃ ᠨᠠᠩ ᠣᠯᠠᠨ ᠴᠢᠨᠠᠷ ᠰᠠᠶᠢᠲᠠᠢ ᠬᠤᠳᠠᠯᠳᠤᠭᠠᠴᠢᠨ ᠡᠷᠦᠭᠡ ᠶᠢᠨ ᠬᠢᠯᠢ ᠠᠴᠠ ᠭᠠᠷᠬᠤ ᠭᠠᠶᠢᠯᠢ ᠪᠤᠴᠠᠭᠠᠬᠤ ᠳᠡᠯᠭᠡᠭᠦᠷ ᠪᠤᠯᠬᠤ ᠶᠢ ᠳᠡᠮᠵᠢᠵᠦ᠂ ᠪᠠᠷᠠᠭ᠎ᠠ ᠬᠤᠳᠠᠯᠳᠤᠨ ᠠᠪᠴᠤ ᠬᠢᠯᠢ ᠠᠴᠠ ᠭᠠᠷᠬᠤ ᠭᠠᠶᠢᠯᠢ ᠪᠤᠴᠠᠭᠠᠬᠤ ᠶᠢᠨ︽ᠬᠤᠳᠠᠯᠳᠤᠨ ᠠᠪᠤᠪᠠᠯ ᠳᠠᠷᠤᠢ ᠪᠤᠴᠠᠭᠠᠬᠤ︾ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠎ᠡ᠃      ︵ᠠᠷᠪᠠᠨ ᠳᠥᠷᠪᠡ︶ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠴᠠᠭᠢᠯᠭᠠᠨ ᠬᠤᠯᠪᠤᠭ᠎ᠠ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ᠎ᠡ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠲᠠᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡ ᠡᠷᠡᠭᠦᠯ ᠮᠡᠨᠳᠦ᠂ ᠰᠣᠶᠣᠯ ᠵᠤᠭ᠎ᠠ ᠴᠡᠩᠭᠡᠯ ᠵᠡᠷᠭᠡ ᠴᠢᠨᠠᠷ ᠰᠠᠶᠢᠲᠠᠢ ᠠᠮᠢᠳᠤᠷᠠᠯ ᠤᠨ ᠴᠢᠨᠠᠷᠲᠠᠢ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠠᠬᠢᠭᠤᠯᠤᠨ᠎ᠠ᠃ ᠬᠡᠭᠡᠷ᠎ᠡ ᠪᠠᠭᠤᠳᠠᠯᠯᠠᠬᠤ᠂ ᠠᠷᠠᠳ ᠤᠨ ᠪᠠᠭᠤᠳᠠᠯ᠂ ᠠᠳᠠᠯ ᠠᠬᠤᠢ ᠶᠢᠨ ᠦᠢᠯᠡᠴᠢᠯᠡᠭᠡ᠂︽ᠢᠨᠲ᠋ᠧᠷ ᠰᠦᠯᠵᠢᠶ᠎ᠡ + ᠡᠮᠴᠢᠯᠡᠭᠡ︾ᠵᠡᠷᠭᠡ ᠦᠢᠯᠡᠴᠢᠯᠡᠭᠡᠨ ᠤ ᠬᠡᠷᠡᠭᠯᠡᠭᠡ ᠶᠢᠨ ᠵᠦᠢᠯ ᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ ᠣᠷᠣᠭᠤᠯᠬᠤ ᠶᠢ ᠠᠬᠢᠭᠤᠯᠤᠨ᠎ᠠ᠃      ᠳᠥᠷᠪᠡ᠂ ᠪᠡᠯᠡᠨ ᠦᠢᠯᠡᠳᠬᠦᠨ ᠤ ᠬᠡᠷᠡᠭᠯᠡᠭᠡ ᠶᠢ ᠰᠢᠨᠡᠳᠬᠡᠨ ᠲᠠᠰ ᠳᠡᠪᠰᠢᠭᠦᠯᠬᠦ ᠠᠵᠢᠯᠯᠠᠭ᠎ᠠ      ︵ᠠᠷᠪᠠᠨ ᠲᠠᠪᠤ︶ ᠬᠡᠷᠡᠭᠯᠡᠭᠡᠨ ᠤ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠦᠨ᠎ᠡ᠃ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠥᠷᠭᠡᠳᠬᠡᠬᠦ ᠶᠢ ᠳᠡᠮᠵᠢᠵᠦ᠂ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ᠂ ᠭᠡᠷ ᠤᠨ ᠴᠢᠮᠡᠭᠯᠡᠯ ᠵᠡᠷᠭᠡ ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠤᠨ ᠪᠣᠬᠢᠷᠳᠤᠯ ᠦᠭᠡᠢ ᠪᠤᠯᠭᠠᠬᠤ᠂ ᠣᠶᠤᠨᠴᠢᠯᠠᠨ ᠲᠠᠰ ᠳᠡᠪᠰᠢᠭᠦᠯᠬᠦ ᠶᠢ ᠠᠬᠢᠭᠤᠯᠵᠤ᠂ ᠬᠢᠷᠢ ᠲᠡᠩᠴᠡᠭᠰᠡᠨ ᠠᠮᠤᠷ ᠲᠦᠪᠰᠢᠨ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠰᠣᠯᠢᠵᠤ ᠬᠤᠳᠠᠯᠳᠤᠨ ᠠᠪᠬᠤ ᠶᠢ ᠳᠡᠮᠵᠢᠵᠦ᠂ ᠭᠠᠷ ᠤᠲᠠᠰᠤ᠂ ᠬᠠᠪᠲᠠᠭᠠᠢ ᠺᠤᠮᠫᠢᠦ᠋ᠲ᠋ᠧᠷ᠂ ᠣᠶᠤᠨᠲᠤ ᠭᠠᠷ ᠴᠠᠭ ︵ᠪᠠᠭᠤᠤ ᠶᠢᠨ ᠭᠠᠷ ᠴᠠᠭ︶ ᠵᠡᠷᠭᠡ 3 ᠲᠥᠷᠥᠯ ᠤᠨ ᠲᠣᠭᠠᠴᠢᠯᠠᠭᠰᠠᠨ ᠦᠢᠯᠡᠳᠬᠦᠨ ᠬᠤᠳᠠᠯᠳᠤᠨ ᠠᠪᠬᠤ ᠰᠢᠨ᠎ᠡ ᠨᠥᠬᠦᠪᠦᠷᠢ ᠶᠢ ᠬᠡᠷᠡᠭᠵᠢᠭᠦᠯᠦᠨ᠎ᠡ᠃ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ ᠡᠰᠢᠵᠢᠭᠰᠡᠨ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠭᠤᠣᠯ ᠴᠣᠭᠴᠠ ᠶᠢ ᠪᠣᠶᠢᠵᠢᠭᠤᠯᠤᠨ᠂ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃      ︵ᠠᠷᠪᠠᠨ ᠵᠢᠷᠭᠤᠭ᠎ᠠ︶ᠣᠷᠣᠨ ᠰᠠᠭᠤᠴᠠ ᠶᠢᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠬᠤᠲᠠ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠢᠵᠦ᠂ ᠵᠠᠶᠢᠯᠠᠰᠢ ᠦᠭᠡᠢ ᠴᠢᠨᠠᠷ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠪᠠᠷ ᠬᠤᠲᠠ ᠶᠢᠨ ᠵᠠᠰᠠᠭ ᠤᠨ ᠣᠷᠳᠣᠨ ᠠᠴᠠ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠳᠡᠮᠵᠢᠬᠦ ᠶᠢ ᠵᠥᠪᠰᠢᠶᠡᠷᠡᠨ᠎ᠡ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠲᠤᠰᠢᠶᠠᠨ ᠬᠠᠳᠠᠭᠠᠯᠠᠭᠴᠢ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠤᠳᠠᠭ᠎ᠠ ᠵᠣᠭᠤᠰ ᠲᠤᠰᠢᠶᠠᠬᠤ ᠶᠢ ᠳᠡᠮᠵᠢᠬᠦ ᠶᠢᠨ ᠬᠠᠮᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠭᠤᠶᠤᠴᠢᠯᠠᠵᠤ᠂ ᠭᠡᠷ ᠪᠠᠶᠢᠰᠢᠩ ᠲᠦᠷᠢᠶᠡᠰᠦᠯᠡᠬᠦ ᠠᠴᠠ ᠭᠠᠷᠭᠠᠨ ᠠᠪᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠮᠢᠳᠤᠯᠢᠭ ᠢᠶᠠᠷ ᠠᠵᠢᠯ ᠣᠯᠣᠭᠰᠠᠳ ᠤᠨ ᠲᠤᠰᠢᠶᠠᠨ ᠬᠠᠳᠠᠭᠠᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃      ︵ᠠᠷᠪᠠᠨ ᠳᠣᠯᠤᠭ᠎ᠠ︶ᠮᠠᠰᠢᠨ ᠲᠡᠷᠭᠡᠨ ᠤ ᠬᠡᠷᠡᠭᠯᠡᠭᠡ ᠶᠢᠨ ᠬᠡᠯᠬᠢᠶ᠎ᠡ ᠶᠢ ᠤᠷᠲᠤᠳᠬᠠᠨ᠎ᠠ᠃ ᠮᠠᠰᠢᠨ ᠲᠡᠷᠭᠡᠨ ᠤ ᠭᠦᠢᠯᠭᠡᠭᠡᠨ ᠤ ᠬᠡᠷᠡᠭᠯᠡᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠮᠠᠰᠢᠨ ᠲᠡᠷᠭᠡ ᠶᠢ ᠥᠭᠡᠷᠡᠴᠢᠯᠡᠨ ᠤᠭᠰᠠᠷᠠᠬᠤ᠂ ᠲᠦᠷᠢᠶᠡᠰᠦᠯᠡᠬᠦ᠂ ᠤᠷᠤᠯᠳᠤᠭᠠᠨ ᠵᠢᠴᠢ ᠭᠡᠷ ᠲᠡᠷᠭᠡ ᠬᠡᠭᠡᠷ᠎ᠡ ᠪᠠᠭᠤᠳᠠᠯᠯᠠᠬᠤ ᠵᠡᠷᠭᠡ ᠮᠠᠰᠢᠨ ᠲᠡᠷᠭᠡᠨ ᠤ ᠰᠡᠭᠦᠯᠴᠢ ᠶᠢᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠥᠷᠭᠡᠳᠬᠡᠨ᠎ᠡ᠃ ᠭᠠᠷ ᠳᠠᠮᠵᠢᠭᠰᠠᠨ ᠮᠠᠰᠢᠨ ᠲᠡᠷᠭᠡᠨ ᠤ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠪᠣᠷᠣᠯᠠᠭᠤᠯᠬᠤ︽ᠡᠰᠡᠷᠭᠦ ᠴᠢᠭᠯᠡᠯ ᠤᠨ ᠪᠠᠷᠢᠮᠲᠠ ᠬᠠᠩᠭᠠᠬᠤ︾᠂ ᠣᠨᠳᠣᠣ ᠭᠠᠵᠠᠷ ᠲᠤ ᠠᠷᠠᠯᠵᠢᠶᠠᠯᠠᠵᠤ ᠳᠡᠩᠰᠡᠯᠡᠨ ᠲᠡᠮᠳᠡᠭᠯᠡᠬᠦ ᠵᠡᠷᠭᠡ ᠲᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠮᠠᠰᠢᠨ ᠲᠡᠷᠭᠡᠨ ᠤ ᠬᠦᠷᠢᠶᠡᠨ ᠳᠠᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠭᠤᠷᠪᠠᠳᠠᠭᠢ ᠡᠲᠡᠭᠡᠳ ᠤᠨ ᠭᠠᠷ ᠳᠠᠮᠵᠢᠭᠰᠠᠨ ᠮᠠᠰᠢᠨ ᠲᠡᠷᠭᠡᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠲᠠᠪᠴᠠᠩ ᠤᠨ ᠬᠥᠭᠵᠢᠯᠲᠡ ᠶᠢ ᠳᠡᠮᠵᠢᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠰᠠᠨᠠᠭ᠎ᠠ ᠠᠮᠤᠷ ᠪᠥᠭᠡᠳ ᠳᠥᠭᠦᠮ ᠳᠥᠲᠡ ᠠᠷᠠᠯᠵᠢᠶ᠎ᠠ ᠶᠢ ᠠᠬᠢᠭᠤᠯᠤᠨ᠎ᠠ᠃      ᠲᠠᠪᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ      ︵ᠠᠷᠪᠠᠨ ᠨᠠᠢᠮᠠ︶ ᠬᠡᠷᠡᠭᠯᠡᠭᠡ ᠶᠢᠨ ᠨᠡᠷᠡᠲᠦ ᠲᠥᠷᠥᠯ ᠲᠡᠮᠳᠡᠭᠲᠦ ᠪᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠎ᠠ᠃ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠳᠤᠮᠳᠠᠳᠤ ᠤᠯᠤᠰ ᠤᠨ ᠦᠢᠯᠡᠴᠢᠯᠡᠭᠡᠨ ᠤ ᠨᠠᠩ ᠣᠯᠠᠨ ᠨᠠᠷᠠᠲᠤ ᠲᠥᠷᠥᠯ ᠲᠡᠮᠳᠡᠭᠲᠦ ᠶᠢ ᠪᠤᠶ ᠪᠣᠯᠭᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠭᠳᠡᠬᠦᠨ ᠤ ᠵᠢᠷᠤᠭ ᠲᠥᠯᠥᠪᠯᠡᠭᠡ ᠳᠤ ᠠᠭᠤᠰᠬᠠᠨ᠂ ᠤᠤᠭᠠᠯ ᠡᠭᠦᠳᠦᠯᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ︵IP︶ ᠶᠢᠨ ᠨᠡᠷᠡᠲᠦ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠬᠦ ᠶᠢ ᠳᠠᠮᠵᠢᠵᠤ᠂ ᠺᠠᠷᠲ᠋ᠣᠨ ᠵᠢᠷᠤᠭ᠂ ᠲᠣᠭᠯᠠᠭᠠᠮ᠂ ᠴᠠᠭᠢᠯᠭᠠᠨ ᠥᠷᠢᠰᠦᠯᠳᠦᠭᠡᠨ ᠵᠢᠴᠢ ᠲᠡᠭᠦᠨ ᠤ ᠡᠷᠭᠢᠨ ᠲᠣᠭᠤᠷᠢᠨ ᠤ ᠳᠠᠭᠠᠯᠲᠠ ᠪᠦᠲᠦᠭᠡᠭᠳᠡᠬᠦᠨ ᠵᠡᠷᠭᠡ ᠶᠢᠨ ᠬᠡᠷᠡᠭᠯᠡᠭᠡ ᠶᠢ ᠠᠬᠢᠭᠤᠯᠤᠨ᠂ ᠤᠯᠤᠰ ᠤᠨ ᠪᠠᠷᠠᠭ᠎ᠠ ᠶᠢᠨ ︽ᠤᠷᠤᠰᠬᠠᠯᠲᠤ ᠪᠦᠲᠦᠭᠡᠭᠳᠡᠬᠦᠨ︾ ᠤ ᠤᠯᠤᠰ ᠤᠨ ᠳᠣᠲᠣᠭᠠᠳᠤ ᠭᠠᠳᠠᠭᠠᠳᠤ ᠶᠢᠨ ᠨᠡᠮᠡᠭᠳᠡᠯ ᠵᠠᠬ᠎ᠠ ᠳᠡᠯᠭᠡᠭᠦᠷ ᠢ ᠥᠷᠭᠡᠳᠬᠡᠨ᠎ᠡ᠃ ᠠᠩᠬ᠎ᠠ ᠲᠠᠷᠬᠠᠭᠠᠬᠤ ᠠᠵᠤ ᠠᠬᠤᠢ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠨᠠᠷ ᠰᠠᠶᠢᠲᠠᠢ ᠲᠠᠸᠠᠷ ᠪᠠ ᠦᠢᠯᠡᠴᠢᠯᠡᠭᠡᠨ ᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠨᠡᠭᠡᠭᠡᠵᠦ᠂ ᠠᠩᠬᠠᠨ ᠤ ᠲᠠᠷᠬᠠᠭᠠᠯᠲᠠ ᠠᠩᠬᠠᠨ ᠤ ᠦᠵᠡᠰᠭᠦᠯᠡᠩ ᠡᠷᠭᠢᠯᠡᠭᠦ ᠶᠢ ᠵᠣᠷᠢᠭᠵᠢᠭᠤᠯᠤᠨ᠎ᠠ᠃ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠳᠡᠯᠭᠡᠷᠡᠭᠦᠯᠬᠦ ᠶᠢ ᠳᠡᠮᠵᠢᠨ᠎ᠡ᠃ ︽ᠳᠤᠮᠳᠠᠳᠤ ᠤᠯᠤᠰ ᠲᠤ ᠪᠠᠷᠠᠭ᠎ᠠ ᠬᠤᠳᠠᠯᠳᠤᠨ ᠠᠪᠬᠤ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠬᠡᠷᠡᠭᠯᠡᠭᠡ ᠶᠢᠨ ᠨᠡᠷᠡᠲᠦ ᠪᠣᠳᠠᠰ ᠤᠨ ᠵᠢᠭᠰᠠᠭᠠᠯ ᠢ ᠪᠠᠶᠢᠭᠤᠯᠤᠨ᠎ᠠ᠃      ︵ᠠᠷᠪᠠ ᠶᠢᠰᠦ︶ᠰᠢᠨ᠎ᠡ ᠭᠡᠯᠪᠡᠷᠢ ᠶᠢᠨ ᠬᠡᠷᠡᠭᠯᠡᠭᠡ ᠶᠢᠨ ᠲᠦᠷᠭᠡᠨ ᠬᠥᠭᠵᠢᠬᠦ ᠶᠢ ᠳᠠᠮᠵᠢᠨ᠎ᠠ᠃ ᠲᠣᠭᠠᠴᠢᠯᠠᠯᠳᠠ  ᠪᠠᠷ ᠬᠡᠷᠡᠭᠯᠡᠭᠡ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠡᠯᠧᠺᠲᠷᠣᠨ ᠬᠤᠳᠠᠯᠳᠤᠭ᠎ᠠ ᠶᠢ ᠶᠡᠭᠡ ᠪᠠᠷ ᠪᠣᠶᠢᠵᠢᠭᠤᠯᠤᠨ᠎ᠠ᠃ ︽ᠵᠣᠬᠢᠶᠠᠮᠠᠯ ᠣᠶᠤᠨ ᠴᠢᠳᠠᠪᠤᠷᠢ +︾ ᠠᠵᠢᠯᠯᠠᠭ᠎ᠠ ᠶᠢ ᠥᠷᠨᠢᠭᠦᠯᠵᠦ᠂ ︽ᠵᠣᠬᠢᠶᠠᠮᠠᠯ ᠣᠶᠤᠨ ᠴᠢᠳᠠᠪᠤᠷᠢ + ᠬᠡᠷᠡᠭᠯᠡᠭᠡ︾ ᠶᠢ ᠠᠬᠢᠭᠤᠯᠵᠤ᠂ ᠠᠦ᠋ᠲ᠋ᠣ᠋ ᠪᠠᠷ ᠵᠢᠯᠤᠭᠤᠳᠬᠤ᠂ ᠣᠶᠤᠨᠲᠤ ᠡᠮᠦᠰᠬᠡᠯ ᠵᠠᠰᠠᠯ᠂ ᠭᠡᠲᠦ ᠲᠣᠳᠣ ᠸᠢᠳᠢᠤ᠋᠂ ᠲᠠᠷᠢᠬᠢᠨ ᠤ ᠵᠠᠯᠭᠠᠰᠤ᠂ ᠮᠠᠰᠢᠨ ᠬᠥᠮᠥᠨ᠂ ᠮᠠᠲ᠋ᠧᠷᠢᠶᠠᠯ ᠨᠡᠮᠡᠵᠦ ᠦᠢᠯᠡᠳᠬᠦ ᠵᠡᠷᠭᠡ ᠰᠢᠨ᠎ᠡ ᠮᠡᠷᠭᠡᠵᠢᠯ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠶᠢ ᠲᠦᠷᠭᠡᠳᠬᠡᠨ ᠠᠬᠢᠭᠤᠯᠵᠤ᠂ ᠥᠨᠳᠥᠷ ᠪᠤᠶᠢᠵᠢᠯᠲᠠ ᠶᠢᠨ ᠴᠢᠨᠠᠷᠲᠠᠢ ᠬᠡᠷᠡᠭᠯᠡᠭᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠨ᠎ᠡ᠃ ᠡᠷᠡᠭᠦᠯ ᠡᠩᠬᠡ ᠶᠢᠨ ᠬᠡᠷᠡᠭᠯᠡᠭᠡ ᠶᠢᠨ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠣᠶᠢᠷ᠎ᠠ ᠣᠭᠲᠠᠷᠭᠤᠢ  ᠶᠢᠨ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠣᠶᠢᠷ᠎ᠠ ᠣᠭᠲᠠᠷᠭᠤᠢ ᠶᠢᠨ ᠵᠢᠭᠤᠯᠴᠢᠯᠠᠯ᠂ ᠠᠭᠠᠷ ᠤᠨ ᠠᠶᠠᠯᠠᠯ ᠤᠨ ᠬᠥᠳᠡᠯᠭᠡᠭᠡᠨ᠂ ᠬᠡᠷᠡᠭᠯᠡᠭᠡ ᠶᠢᠨ ᠲᠠᠰ ᠤᠨ ᠵᠢᠯᠣᠭᠤᠴᠢ ᠦᠭᠡᠢ ᠨᠢᠰᠬᠡᠯ ᠵᠡᠷᠭᠡ ᠣᠶᠢᠷ᠎ᠠ ᠣᠭᠲᠠᠷᠭᠤᠢ ᠶᠢᠨ ᠬᠡᠷᠡᠭᠯᠡᠭᠡ ᠶᠢ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ ᠰᠢᠤᠳᠠᠨ ᠤ ᠬᠥᠯᠭᠡ ᠣᠩᠭᠤᠴᠠ ᠶᠢᠨ ᠠᠶᠠᠯᠠᠯ ᠤᠨ ᠱᠤᠭᠤᠮ ᠪᠠ ᠵᠢᠭᠤᠯᠴᠢᠯᠠᠯ ᠤᠨ ᠦᠢᠯᠡᠳᠬᠦᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠵᠢᠭᠤᠯᠴᠢᠯᠠᠯ ᠤᠨ ᠣᠩᠭᠤᠴᠠ ᠶᠢ ᠳᠠᠩᠰᠠᠯᠠᠨ ᠲᠡᠮᠳᠡᠭᠯᠡᠬᠦ ᠪᠠ ᠮᠡᠳᠡᠭᠦᠯᠦᠨ ᠳᠠᠩᠰᠠᠯᠠᠭᠤᠯᠬᠤ ᠶᠢ ᠳᠥᠭᠦᠮᠴᠢᠯᠡᠨ᠎ᠡ᠃      ︵ᠬᠤᠷᠢ︶ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠪᠠᠷᠢᠮᠵᠢᠶ᠎ᠠ ᠶᠢᠨ ᠭᠡᠷᠡᠴᠢᠯᠡᠯᠲᠡ ᠵᠡᠷᠭᠡ ᠳᠦᠷᠢᠮ ᠤᠨ ᠵᠣᠯᠭᠠᠯᠴᠠᠨ ᠠᠭᠤᠰᠤᠯᠴᠠᠬᠤ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠪᠦᠲᠦᠭᠡᠭᠳᠡᠬᠦᠨ ᠤ ᠳᠣᠲᠣᠭᠠᠳᠤ ᠪᠣᠷᠤᠯᠠᠭᠤᠯᠭ᠎ᠠ ᠪᠠᠨ ᠥᠷᠭᠡᠳᠬᠡᠬᠦ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠤ ᠳᠤᠮᠳᠠᠳᠤ ᠤᠯᠤᠰ ᠲᠠᠬᠢ ᠠᠶᠠᠯᠠᠯ ᠤᠨ ᠠᠵᠢᠯᠯᠠᠭ᠎ᠠ ᠶᠢ ᠥᠷᠨᠢᠭᠦᠯᠦᠨ᠂ ᠭᠠᠳᠠᠭᠠᠳᠤ ᠠᠷᠠᠯᠵᠢᠶᠠᠨ ᠤ ᠣᠷᠣᠯᠠᠨ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠥᠪᠡᠷ ᠤᠨ ᠲᠦᠷᠦᠯ ᠲᠡᠮᠳᠡᠭ ᠢ ᠡᠭᠦᠳᠬᠦ ᠶᠢ ᠲᠦᠷᠭᠡᠳᠬᠡᠨ᠎ᠡ᠃ ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠢᠲᠡᠭᠡᠮᠵᠢ ᠶᠢᠨ ᠳᠠᠭᠠᠳᠬᠠᠯ ᠢᠶᠠᠷ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠵᠢᠷᠭᠤᠭ᠎ᠠ᠂ ᠬᠡᠷᠡᠭᠯᠡᠭᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠭᠦ ᠠᠵᠢᠯᠯᠠᠭ᠎ᠠ      ︵ᠬᠤᠷᠢᠨ ᠨᠢᠭᠡ︶ ᠠᠮᠠᠷᠠᠯᠲᠠ ᠪᠠ ᠴᠢᠯᠦᠭᠡ ᠠᠪᠬᠤ ᠡᠷᠬᠡ ᠠᠰᠢᠭ ᠢ ᠪᠠᠲᠤᠯᠠᠨ᠎ᠠ᠃ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠲᠠᠢ ᠪᠠᠷ ᠵᠢᠯ ᠤᠨ ᠠᠮᠠᠷᠠᠯᠲᠠ ᠠᠪᠤᠭᠰᠠᠨ ᠪᠠᠶᠢᠳᠠᠯ ᠢ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠶᠢᠨ ᠴᠢᠬᠤᠯᠠ ᠠᠭᠤᠯᠭ᠎ᠠ ᠪᠣᠯᠭᠠᠨ᠎ᠠ᠃ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠯ᠎ᠡ ᠨᠢᠭᠡᠴᠢ ᠶᠢᠨ ᠠᠮᠠᠷᠠᠯᠲᠠ ᠪᠠ ᠴᠢᠯᠦᠭᠡ ᠠᠪᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠩᠭᠤᠵᠢᠭᠰᠠᠨ ᠬᠢᠨᠠᠯᠲᠠ ᠲᠠᠯᠪᠢᠬᠤ ᠪᠠᠨ ᠴᠢᠩᠭᠠᠳᠬᠠᠬᠤ ᠶᠢᠨ ᠬᠠᠮᠲᠤ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠬᠢᠨᠠᠯᠲᠠ ᠲᠠᠯᠪᠢᠬᠤ ᠠᠭᠤᠯᠭ᠎ᠠ ᠪᠣᠯᠭᠠᠨ᠎ᠠ᠃ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠪᠠ ᠪᠠᠭ᠎ᠠ ᠠᠮᠠᠷᠠᠯᠲᠠ ᠲᠠᠢ ᠵᠠᠯᠭᠠᠯᠳᠤᠭᠤᠯᠤᠨ ᠠᠮᠠᠷᠠᠬᠤ ᠶᠢ ᠵᠣᠷᠢᠭᠵᠢᠭᠤᠯᠵᠤ᠂ ᠬᠠᠷᠢᠮᠠᠬᠠᠢ ᠴᠢᠨᠠᠷᠲᠠᠢ ᠪᠠᠷ ᠤᠷᠭᠢᠯ ᠤᠨ ᠬᠤᠭᠤᠴᠠᠭ᠎ᠠ ᠶᠢ ᠵᠥᠷᠢᠭᠦᠯᠦᠨ ᠠᠮᠠᠷᠠᠬᠤ ᠶᠢ ᠪᠡᠶᠡᠯᠡᠭᠦᠯᠦᠨ᠎ᠡ᠃ ᠬᠥᠳᠡᠯᠮᠦᠷᠢᠴᠢᠳ ᠤᠨ ᠠᠮᠠᠷᠠᠯᠲᠠ ᠪᠠ ᠴᠢᠯᠦᠭᠡ ᠠᠪᠬᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠬᠥᠳᠡᠯᠮᠦᠷᠢᠴᠢᠨ ᠤ ᠠᠵᠢᠯᠯᠠᠬᠤ ᠴᠠᠭ ᠢ ᠬᠠᠤᠯᠢ ᠪᠤᠰᠤ ᠪᠠᠷ ᠤᠷᠲᠤᠳᠬᠠᠵᠤ ᠪᠤᠯᠬᠤ ᠦᠭᠡᠢ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠨᠠᠮᠤᠷ ᠤᠨ ᠠᠮᠠᠷᠠᠯᠲᠠ ᠶᠢ ᠰᠦᠪᠡᠭᠴᠢᠯᠡᠨ ᠲᠣᠬᠢᠷᠠᠭᠤᠯᠬᠤ ᠶᠢ ᠵᠣᠷᠢᠭᠵᠢᠭᠤᠯᠤᠨ᠎ᠠ᠃      ︵ᠬᠤᠷᠢᠨ ᠬᠤᠶᠠᠷ︶ ᠢᠲᠡᠭᠡᠮᠵᠢᠲᠡᠢ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠨ᠎ᠠ᠃ ᠬᠡᠷᠡᠭᠯᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠶᠠᠰᠤ ᠴᠢᠨᠠᠷ ᠤᠨ ᠪᠠᠷᠢᠮᠵᠢᠶ᠎ᠠ᠂ ᠢᠲᠡᠭᠡᠮᠵᠢ ᠶᠢᠨ ᠬᠢᠵᠠᠭᠠᠷᠯᠠᠯ᠂ ᠶᠡᠷᠦᠩᠬᠡᠶᠢᠯᠡᠭᠰᠡᠨ ᠵᠠᠰᠠᠯᠲᠠ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠵᠡᠷᠭᠡ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠡᠷᠡᠭᠯᠡᠭᠡ ᠶᠢᠨ ᠵᠦᠢᠯ ᠪᠠ ᠦᠢᠯᠡᠴᠢᠯᠡᠭᠡᠨ ᠤ ᠬᠡᠷᠡᠭᠯᠡᠭᠡ  ᠶᠢᠨ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠵᠦ᠂ ᠬᠡᠷᠡᠭᠯᠡᠭᠡ ᠶᠢᠨ ᠬᠦᠷᠢᠶᠡᠨ ᠳᠠᠬᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠬᠡᠷᠡᠭᠯᠡᠭᠡ ᠶᠢᠨ ᠮᠠᠷᠭᠤᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠨᠡᠩ ᠥᠨᠳᠥᠷ ᠪᠦᠲᠦᠮᠵᠢᠲᠡᠢ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠰᠦᠯᠵᠢᠶ᠎ᠡ ᠪᠠᠷ ᠪᠣᠷᠣᠯᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠬᠦᠷᠢᠶᠡᠨ ᠤ ︽ᠪᠦᠭᠦ ᠰᠦᠯᠵᠢᠶᠡᠨ ᠤ ᠬᠠᠮᠤᠭ ᠤᠨ ᠳᠣᠣᠷ᠎ᠠ ᠦᠨ᠎ᠡ︾ ᠵᠡᠷᠭᠡ ᠵᠦᠢ ᠵᠣᠬᠢᠰ ᠦᠭᠡᠢ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠦᠨ᠎ᠡ ᠬᠠᠩᠰᠢ ᠨᠢ ᠦᠨᠡᠨ ᠪᠣᠳᠠᠲᠠᠢ ᠴᠢᠨᠠᠷ ᠰᠠᠶᠢᠲᠠᠢ ᠪᠠᠶᠢᠬᠤ ᠶᠢ ᠰᠠᠨᠠᠭᠠᠴᠢᠯᠠᠨ᠂ ᠬᠤᠳᠠᠯ ᠬᠠᠭᠤᠷᠮᠠᠭ ᠴᠢᠨᠠᠷ ᠮᠠᠭᠤ ᠪᠦᠲᠦᠭᠡᠭᠳᠡᠬᠦᠨ ᠪᠣᠷᠣᠯᠠᠭᠤᠯᠤᠨ ᠬᠤᠳᠠᠯᠳᠤᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠢᠨᠠᠷ ᠮᠠᠭᠤ ᠪᠦᠲᠦᠭᠡᠭᠳᠡᠬᠦᠨ ᠢ ᠡᠭᠡᠭᠦᠯᠦᠨ ᠠᠪᠴᠢᠷᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠧᠯᠸᠢᠰ ᠤᠨ ᠳᠡᠰ ᠳᠡᠰ ᠢᠶᠠᠷ ᠰᠦᠢᠳᠬᠡᠯ ᠠᠪᠬᠤ ᠪᠠ ᠠᠵᠢᠯᠯᠠᠭᠠᠨ ᠤ ᠪᠤᠳᠤᠯᠢᠶᠠᠨᠲᠠᠢ ᠪᠠᠶᠢᠬᠤ ᠶᠢ ᠵᠠᠰᠠᠬᠤ ᠶᠢ ᠭᠦᠨᠵᠡᠭᠡᠶᠢᠷᠡᠭᠦᠯᠦᠨ᠎ᠡ᠃      ︵ᠬᠤᠷᠢᠨ ᠭᠤᠷᠪᠠ︶ᠬᠤᠲᠠ ᠬᠥᠳᠡᠭᠡ ᠶᠢᠨ ᠬᠡᠷᠡᠭᠯᠡᠭᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠ ︽ᠮᠢᠩᠭᠠᠨ ᠴᠤᠭᠯᠠᠭ᠎ᠠ ᠲᠦᠮᠡᠨ ᠳᠡᠯᠭᠡᠭᠦᠷ︾ ᠢ ᠥᠭᠡᠷᠡᠴᠢᠯᠡᠨ ᠲᠡᠰ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠶᠠᠨ ᠤ ᠱᠠᠲᠤᠨ ᠤ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠪᠠ ᠬᠥᠳᠡᠭᠡ ᠲᠣᠰᠬᠤᠨ ᠤ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠶᠤᠨᠴᠢ ᠬᠤᠳᠠᠯᠳᠤᠭᠠᠨ ᠤ ᠲᠣᠭᠤᠷᠢᠭ᠂ ᠭᠦᠨᠵᠡᠭᠡᠢ ᠪᠡᠶᠡᠴᠢᠯᠡᠨ ᠣᠶᠢᠯᠠᠭᠠᠬᠤ ᠣᠷᠣᠨ ᠵᠠᠢ ᠵᠡᠷᠭᠡ ᠶᠢ ᠢᠳᠡᠪᠬᠢᠲᠡᠢ ᠬᠥᠭᠵᠢᠭᠦᠯᠵᠦ᠂ ᠤᠯᠠᠮᠵᠢᠯᠠᠯᠲᠤ ᠪᠦᠷᠢᠨ ᠪᠠᠷᠠᠭᠠᠲᠤ ᠳᠡᠯᠭᠡᠭᠦᠷ ᠵᠡᠷᠭᠡ ᠪᠣᠳᠠᠲᠤ ᠴᠣᠭᠴᠠ ᠶᠢᠨ ᠳᠡᠯᠭᠡᠭᠦᠷ ᠢ ᠰᠢᠨ᠎ᠡ ᠭᠡᠯᠪᠡᠷᠢ ᠶᠢᠨ ᠬᠤᠳᠠᠯᠳᠤᠭᠠᠨ ᠤ ᠲᠠᠯᠠᠪᠤᠷ ᠪᠣᠯᠭᠠᠨ ᠥᠭᠡᠷᠡᠴᠢᠯᠡᠨ ᠪᠠᠶᠢᠭᠤᠯᠬᠤ ᠶᠢ ᠠᠬᠢᠭᠤᠯᠤᠨ᠎ᠠ᠃ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠪᠦᠰᠡ ᠶᠢᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ ᠭᠠᠵᠠᠷ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ᠂ ᠲᠦᠷ ᠴᠠᠭ ᠤᠨ ᠲᠡᠷᠭᠡᠨ ᠵᠣᠭᠰᠣᠭᠠᠯ ᠵᠡᠷᠭᠡ ᠢᠵᠢ ᠪᠦᠷᠢᠳᠦᠭᠦᠯᠦᠭᠰᠡᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃      ᠳᠣᠯᠤᠭ᠎ᠠ᠂ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠨ ᠰᠢᠯᠢᠳᠡᠭᠵᠢᠭᠦᠯᠬᠦ ᠠᠵᠢᠯᠯᠠᠭ᠎ᠠ      ︵ᠬᠤᠷᠢᠨ ᠳᠥᠷᠪᠡ︶ ᠬᠡᠷᠡᠭᠯᠡᠭᠡᠨ ᠤ ᠬᠢᠵᠠᠭᠠᠷᠯᠠᠯ ᠢ ᠡᠮᠬᠢ ᠵᠢᠷᠤᠮ ᠲᠠᠢ ᠪᠠᠷ ᠪᠠᠭᠠᠰᠬᠠᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ᠂ ᠬᠡᠷᠡᠭᠯᠡᠭᠡᠨ ᠳᠠᠬᠢ ᠵᠦᠢ ᠵᠣᠬᠢᠰ ᠦᠭᠡᠢ ᠬᠢᠵᠠᠭᠠᠷᠯᠠᠯ ᠢ ᠴᠠᠭ ᠲᠤᠬᠠᠢ ᠳᠤᠨᠢ ᠬᠦᠴᠦᠨ ᠦᠭᠡᠢ ᠪᠤᠯᠭᠠᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠪᠠ ᠱᠠᠲᠤ ᠱᠠᠲᠤ ᠪᠠᠷ ᠡᠭᠦᠷᠭᠡ ᠨᠡᠮᠡᠵᠦ ᠪᠤᠯᠬᠤ ᠦᠭᠡᠢ᠃ ᠮᠠᠰᠢᠨ ᠲᠡᠷᠭᠡ ᠵᠡᠷᠭᠡ ᠬᠡᠷᠡᠭᠯᠡᠭᠡ ᠶᠢᠨ ᠬᠤᠳᠠᠯᠳᠤᠨ ᠠᠪᠬᠤ ᠬᠠᠮᠢᠶᠠᠷᠤᠯᠲᠠ ᠠᠴᠠ ᠬᠡᠷᠡᠭᠯᠡᠬᠦ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠠᠬᠢᠭᠤᠯᠵᠤ᠂︽ᠮᠠᠰᠢᠨ ᠲᠡᠷᠭᠡ ᠬᠤᠳᠠᠯᠳᠤᠨ ᠠᠪᠬᠤ ᠡᠷᠬᠡ ᠣᠯᠬᠤ ᠦᠭᠡᠢ︾ᠪᠠᠶᠢᠬᠤ ᠲᠡᠷᠭᠡ ᠦᠭᠡᠢ ᠭᠡᠷ ᠪᠦᠯᠢ ᠶᠢᠨ ᠲᠡᠷᠭᠡ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠵᠢᠯ ᠬᠤᠪᠢᠶᠠᠨ ᠪᠠᠲᠤᠯᠠᠨ᠎ᠠ᠃ ᠣᠷᠣᠨ ᠨᠤᠲᠤᠭ ᠢ ᠬᠥᠲᠥᠯᠥᠨ ᠵᠢᠯᠤᠭᠤᠳᠴᠤ ᠪᠠᠶᠢᠭᠠᠳ ᠤᠯᠠᠮᠵᠢᠯᠠᠯᠲᠤ ᠵᠠᠩ ᠦᠢᠯᠡ ᠶᠢᠨ ᠲᠥᠷᠥᠯ ᠤᠨ ᠬᠡᠷᠡᠭᠯᠡᠭᠡᠨ ᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃ ᠨᠡᠶᠢᠭᠡᠮ ᠤᠨ ᠪᠦᠯᠦᠭᠯᠡᠯ ᠤᠨ ᠬᠤᠳᠠᠯᠳᠤᠨ ᠠᠪᠬᠤ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠵᠤ᠂ ᠭᠡᠯᠪᠡᠷᠢ ᠶᠢ ᠨᠢ ᠥᠭᠡᠷᠡᠲᠦᠭᠦᠯᠦᠨ ᠥᠮᠴᠢᠯᠡᠯ ᠤᠨ ᠳᠦᠷᠢᠮ ᠢ ᠲᠣᠬᠢᠷᠠᠭᠤᠯᠬᠤ᠂ ᠬᠤᠳᠠᠯᠳᠤᠭᠠᠨ ᠤ ᠡᠷᠦᠭᠡ ᠶᠢᠨ ᠲᠠᠰ ᠲᠣᠭᠲᠠᠭᠠᠬᠤ ᠵᠡᠷᠭᠡ ᠬᠤᠳᠠᠯᠳᠤᠨ ᠠᠪᠬᠤ ᠬᠤᠷᠢᠭ᠎ᠠ ᠭᠠᠷᠭᠠᠵᠤ ᠪᠤᠯᠬᠤ ᠦᠭᠡᠢ᠃      ︵ᠬᠤᠷᠢᠨ ᠲᠠᠪᠤ︶ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ᠂ ᠶᠠᠰᠤ ᠴᠢᠨᠠᠷ ᠤᠨ ᠪᠠᠶᠢᠴᠠᠭᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠬᠦᠷᠢᠶ᠎ᠡ ᠪᠠᠷ ᠭᠤᠣᠯᠳᠠᠯᠭ᠎ᠠ ᠪᠤᠯᠭᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠬᠢᠯᠡᠯᠲᠡ ᠶᠢ ᠭᠦᠨᠵᠡᠭᠡᠢ ᠢᠯᠭᠠᠷᠠᠭᠤᠯᠤᠨ ᠴᠡᠭᠴᠡᠯᠡᠨ ᠵᠠᠰᠠᠵᠤ᠂ ᠲᠣᠭᠲᠠᠭᠤᠨ ᠲᠥᠪ ᠭᠤᠤᠯᠴᠢ ᠢᠯᠡ ᠲᠣᠳᠣ ᠵᠢᠱᠢᠵᠦ ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠶ ᠪᠣᠯᠭᠠᠨ᠎ᠠ᠃ ᠡᠯ᠎ᠡ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ᠂ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ᠂ ᠭᠡᠷ ᠤᠨ ᠭᠠᠳᠠᠨ᠎ᠠ ᠳᠡᠯᠭᠡᠨ ᠦᠵᠡᠭᠦᠯᠭᠦ᠂ ᠫᠠᠶᠢᠰᠠ ᠡᠯᠭᠦᠬᠦ ᠲᠥᠬᠦᠭᠡᠷᠦᠮᠵᠢ ᠪᠠᠶᠢᠷᠢᠯᠠᠭᠤᠯᠬᠤ ᠵᠡᠷᠭᠡ ᠳᠤ ᠬᠢᠨᠠᠨ ᠵᠥᠪᠰᠢᠶᠡᠷᠡᠬᠦ ᠶᠠᠪᠤᠴᠠ  ᠶᠢ ᠳᠥᠭᠦᠮᠴᠢᠯᠡᠵᠦ᠂ ᠰᠦᠯᠵᠢᠶᠡᠨ ᠳᠡᠭᠡᠷ᠎ᠡ ᠪᠠᠷᠢᠨ ᠮᠡᠳᠡᠭᠦᠯᠵᠦ ᠪᠠᠷᠢᠨ ᠭᠦᠢᠴᠡᠳᠬᠡᠬᠦ ᠶᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠬᠤ ᠠᠷᠭ᠎ᠠ ᠮᠠᠶ᠋ᠢᠭ ᠢᠶᠠᠷ ᠬᠢᠨᠠᠯᠲᠠ ᠬᠠᠮᠢᠶᠠᠷᠤᠯᠲᠠ ᠶᠢᠨ ᠰᠤᠭᠤᠴᠢᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠬᠡᠷᠡᠭᠯᠡᠭᠡᠨ ᠤ ᠲᠠᠯᠠᠪᠤᠷ ᠭᠠᠵᠠᠷ ᠲᠤ ᠤᠴᠢᠷ ᠦᠭᠡᠢ ᠪᠣᠯ ᠰᠠᠭᠠᠳ ᠪᠤᠯᠬᠤ ᠦᠭᠡᠢ᠃      ᠨᠠᠢᠮᠠ᠂ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ      ︵ᠬᠤᠷᠢᠨ ᠵᠢᠷᠭᠤᠭ᠎ᠠ︶ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠬᠡᠷᠡᠭᠯᠡᠭᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠰᠠᠶᠢᠲᠤᠷ ᠬᠡᠷᠡᠭᠯᠡᠵᠦ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠠᠵᠤ ᠦᠢᠯᠡᠰ᠂ ᠪᠡᠯᠡ ᠣᠷᠣᠭᠤᠯᠤᠯᠲᠠ ᠵᠡᠷᠭᠡ ᠲᠦᠷᠦ ᠶᠢᠨ ᠪᠣᠳᠣᠯᠭ᠎ᠠ ᠬᠢᠭᠡᠳ ᠬᠡᠷᠡᠭᠯᠡᠭᠡᠨ ᠤ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠳᠠᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠨᠡᠶᠢᠯᠡᠯ ᠬᠦᠴᠦᠨ ᠢ ᠪᠤᠢ ᠪᠤᠯᠭᠠᠵᠤ᠂ ᠬᠡᠷᠡᠭᠯᠡᠭᠡ ᠶᠢ ᠠᠬᠢᠭᠤᠯᠬᠤ ᠳᠤ ᠨᠡᠩ ᠠᠰᠢᠭᠲᠠᠢ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃      ︵ᠬᠤᠷᠢᠨ ᠳᠣᠯᠤᠭ᠎ᠠ︶ᠬᠡᠷᠡᠭᠯᠡᠭᠡ ᠳᠤ ᠦᠵᠡᠭᠦᠯᠭᠦ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠪᠠ ᠬᠡᠷᠡᠭᠯᠡᠭᠡ ᠶᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠵᠦ᠂ ᠬᠡᠷᠡᠭᠯᠡᠭᠡ ᠶᠢᠨ ᠰᠠᠭᠤᠷᠢ ᠲᠥᠬᠦᠭᠡᠷᠦᠮᠵᠢ᠂ ᠬᠡᠷᠡᠭᠯᠡᠭᠡ ᠶᠢᠨ ᠦᠢᠯᠡᠴᠢᠯᠡᠭᠡᠨ ᠤ ᠴᠢᠳᠠᠮᠵᠢ ᠶᠢᠨ ᠳᠡᠭᠡᠭᠰᠢᠯᠡᠯᠲᠡ ᠶᠢᠨ ᠲᠦᠷᠦᠯ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠵᠠᠭᠪᠤᠷ ᠤᠨ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠤᠨ ᠳᠡᠭᠡᠭᠰᠢᠯᠡᠯᠲᠡ ᠪᠠ ᠬᠡᠷᠡᠭᠯᠡᠭᠡ  ᠶᠢᠨ ᠪᠠᠭᠲᠠᠭᠠᠮᠵᠢ ᠶᠢᠨ ᠲᠡᠰ ᠳᠡᠪᠰᠢᠬᠦ ᠶᠢ ᠪᠡᠶᠡᠯᠡᠭᠦᠯᠬᠦ ᠰᠠᠶᠢᠨ ᠰᠠᠶᠢᠬᠠᠨ ᠬᠠᠷᠢᠯᠴᠠᠨ ᠠᠬᠢᠭᠤᠯᠬᠤ ᠶᠢ ᠠᠬᠢᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠠᠷ ᠰᠤᠷᠭᠠᠨ ᠬᠥᠮᠦᠵᠢᠯ ᠡᠮ ᠡᠮᠨᠡᠯᠭᠡ᠂ ᠤᠷ᠎ᠠ ᠮᠡᠷᠭᠡᠵᠢᠯ ᠤᠨ ᠪᠣᠯᠪᠠᠰᠤᠷᠠᠯ᠂ ᠨᠠᠰᠤᠲᠠᠨ ᠢ ᠠᠰᠠᠷᠠᠬᠤ ᠨᠠᠶᠢᠳᠠᠨ ᠬᠥᠮᠥᠵᠢᠭᠦᠯᠬᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠳᠡᠮᠵᠢᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠎ᠡ᠃ ᠨᠥᠬᠦᠴᠡᠯ ᠳᠤ ᠨᠡᠶᠢᠴᠡᠬᠦ ᠬᠡᠷᠡᠭᠯᠡᠭᠡ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠤ ᠲᠥᠷᠥᠯ ᠵᠦᠢᠯ ᠳᠤ ᠰᠠᠭᠤᠷᠢ ᠲᠥᠬᠦᠭᠡᠷᠦᠮᠵᠢ ᠶᠢᠨ ᠬᠦᠷᠢᠶ᠎ᠡ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠲᠠᠷᠬᠠᠭᠠᠬᠤ ᠶᠢ ᠳᠡᠮᠵᠢᠨ᠎ᠡ᠃      ︵ᠬᠤᠷᠢᠨ ᠨᠠᠢᠮᠠ︶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠴᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠡᠳ᠋ ᠤᠨ ᠵᠠᠰᠠᠭ ᠤᠨ ᠨᠥᠬᠦᠪᠦᠷᠢ᠂ ᠵᠢᠭᠡᠯᠡᠯᠭᠡ ᠶᠢᠨ ᠬᠦᠦ ᠮᠥᠩᠭᠦ ᠶᠢᠨ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠭᠤᠣᠯᠳᠠᠯᠭ᠎ᠠ ᠶᠢ ᠳᠣᠪᠤᠶᠢᠯᠭᠠᠵᠤ᠂ ᠲᠥᠷᠥ ᠶᠢᠨ ᠪᠣᠳᠣᠯᠭ᠎ᠠ ᠶᠢ ᠣᠨᠣᠴᠠᠲᠠᠢ ᠪᠠᠷ ᠬᠡᠷᠡᠭᠵᠢᠭᠦᠯᠦᠨ᠂ ᠬᠡᠷᠡᠭᠯᠡᠭᠡ ᠶᠢ ᠠᠬᠢᠭᠤᠯᠬᠤ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠤᠳᠠᠯ ᠢ ᠨᠥᠬᠦᠪᠦᠷᠢᠯᠡᠬᠦ ᠲᠠᠢ ᠤᠶᠠᠯᠳᠤᠭᠤᠯᠵᠤ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠥᠷᠭᠡᠳᠬᠡᠨ᠂ ᠬᠡᠷᠡᠭᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠳᠤᠮᠳᠠᠬᠢ ᠬᠡᠷᠡᠭᠯᠡᠭᠡ ᠶᠢᠨ ᠢᠳᠡᠪᠬᠢ ᠦᠢᠯᠡᠳᠦᠯ ᠢ ᠨᠠᠩ ᠰᠠᠶᠢᠨ ᠪᠠᠳᠠᠷᠠᠭᠤᠯᠤᠨ᠎ᠠ᠃      ︵ᠬᠤᠷᠢ ᠶᠢᠰᠦ︶ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠰᠢᠭᠦᠷᠢ ᠶᠢ ᠡᠵᠡᠮᠳᠡᠵᠦ ᠪᠤᠯᠬᠤ ᠤᠷᠢᠲᠠᠯ ᠳᠣᠣᠷ᠎ᠠ ᠬᠤᠪᠢ ᠬᠥᠮᠥᠨ ᠤ ᠬᠡᠷᠡᠭᠯᠡᠭᠡ ᠶᠢᠨ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠬᠡᠷᠡᠭᠯᠡᠭᠡ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ ᠶᠢ ᠵᠦᠢ ᠵᠣᠬᠢᠰᠲᠠᠢ ᠪᠠᠶᠢᠷᠢᠯᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠬᠤ ᠵᠠᠷᠴᠢᠮ ᠶᠣᠰᠣᠭᠠᠷ ᠬᠤᠪᠢ ᠬᠥᠮᠥᠨ ᠤ ᠬᠡᠷᠡᠭᠯᠡᠭᠡ ᠶᠢᠨ ᠵᠢᠭᠡᠯᠡᠯᠭᠡ ᠶᠢ ᠲᠥᠯᠥᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠬᠦ ᠶᠢ ᠳᠡᠮᠵᠢᠵᠦ᠂ ᠦᠷᠭᠦᠯᠵᠢᠯᠡᠨ ᠵᠢᠭᠡᠯᠡᠯᠭᠡ ᠲᠠᠯᠪᠢᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃ 2025 ᠣᠨ ᠳᠤ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠬᠡᠷᠡᠭᠯᠡᠭᠡ ᠶᠢᠨ ᠵᠢᠭᠡᠯᠡᠯᠭᠡ ᠪᠠ ᠬᠡᠷᠡᠭᠯᠡᠭᠡ ᠶᠢᠨ ᠬᠦᠷᠢᠶᠡᠨ ᠤ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠢᠭᠡᠯᠡᠯᠭᠡ ᠳᠤ ᠡᠳ᠋ ᠤᠨ ᠵᠠᠰᠠᠭ ᠤᠨ ᠬᠦᠦ ᠮᠥᠩᠭᠦ ᠶᠢᠨ ᠬᠠᠷᠠᠭᠠᠯᠵᠠᠯ ᠣᠯᠭᠤᠨ᠎ᠠ᠃      ︵ᠭᠤᠴᠢ︶ ᠬᠡᠷᠡᠭᠯᠡᠭᠡ ᠶᠢᠨ ᠢᠵᠢ ᠪᠦᠷᠢᠳᠦᠭᠰᠡᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠵᠠᠷᠤᠳᠠᠯ ᠢ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ᠂ ᠠᠵᠢᠯᠲᠠᠨ ᠠᠵᠢᠯᠴᠢᠨ ᠤ ᠪᠡᠶ᠎ᠡ ᠴᠢᠭᠢᠷᠠᠭᠵᠢᠭᠤᠯᠬᠤ᠂ ᠰᠣᠶᠣᠯ ᠪᠡᠶ᠎ᠡ ᠶᠢᠨ ᠲᠠᠮᠢᠷ ᠵᠡᠷᠭᠡ ᠬᠡᠷᠡᠭᠯᠡᠭᠡ ᠶᠢᠨ ᠬᠦᠷᠢᠶᠡᠨ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠬᠦᠴᠦᠯᠡᠨ ᠬᠡᠷᠡᠭᠵᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠣᠨᠣᠪᠴᠢᠲᠠᠢ ᠵᠣᠯᠭᠠᠭᠤᠯᠬᠤ ᠶᠢ ᠴᠢᠩᠭᠠᠳᠬᠠᠨ᠎ᠠ᠃ ᠱᠠᠩᠨᠠᠯᠲᠤ ᠪᠠᠷᠢᠮᠲᠠ ᠶᠢᠨ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠦᠨ᠎ᠡ᠃ ᠦᠢᠯᠡᠴᠢᠯᠡᠭᠡᠨ ᠤ ᠬᠡᠷᠡᠭᠯᠡᠭᠡ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠵᠠᠭᠪᠤᠷ ᠢ ᠪᠦᠷᠢᠳᠬᠡᠵᠦ ᠬᠢᠨᠠᠨ ᠬᠡᠮᠵᠢᠬᠦ ᠶᠢ ᠪᠦᠷᠢᠨᠰᠢᠭᠦᠯᠵᠦ᠂ ᠬᠤᠳᠠᠯᠳᠤᠨ ᠠᠪᠬᠤ ᠲᠠᠯ᠎ᠠ ᠶᠢᠨ ᠭᠠᠵᠠᠷ ᠣᠷᠣᠨ ᠬᠤᠪᠢᠶᠠᠨ ᠪᠣᠳᠠᠲᠤ ᠶᠠᠭᠤᠮ᠎ᠠ ᠶᠢᠨ ᠲᠠᠸᠠᠷ ᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢ ᠪᠦᠷᠢᠳᠬᠡᠬᠦ ᠶᠢ ᠴᠢᠩᠭᠠᠳᠬᠠᠵᠤ᠂ ᠪᠦᠭᠦ ᠰᠢᠰᠲ᠋ᠧᠮ ᠤᠨ ᠬᠡᠷᠡᠭᠯᠡᠭᠡ ᠶᠢᠨ ᠪᠦᠷᠢᠳᠬᠡᠬᠦ ᠳᠦᠷᠢᠮ ᠢ ᠲᠡᠭᠦᠯᠳᠡᠷᠵᠢᠭᠦᠯᠦᠨ᠎ᠡ᠃      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠬᠥᠭᠵᠢᠭᠡᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠠᠵᠢᠯ ᠤᠨ ᠬᠠᠮᠲᠤᠷᠠᠯ ᠬᠦᠴᠦᠨ ᠢ ᠲᠦᠷᠭᠡᠳᠬᠡᠨ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠬᠥᠭᠵᠢᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠩ ᠲᠦᠷᠭᠡᠨ ᠨᠠᠩ ᠰᠠᠶᠢᠲᠤᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号