ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 47 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠲᠤᠭᠠᠶ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 12 ᠳ᠋ᠤᠭᠠᠷ ᠰᠠᠷ᠎ᠠ ᠶᠢᠨ 24 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ | | | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ︽ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ | ᠰᠢᠨ᠎ᠡ ᠡᠭᠦᠳᠦᠯᠲᠡ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ︵2023-2025 ᠣᠨ︶ ᠶᠢ ᠬᠡᠷᠡᠭᠵᠢᠭᠦᠯᠬᠦ | ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ︵ᠬᠥᠮᠥᠨ | ᠨᠡᠶᠢᠭᠡᠮ ᠶᠠᠮᠤᠨ ᠲᠠᠷᠬᠠᠭᠠᠭᠰᠠᠨ ﹇2022﹈ 83 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ | ᠲᠠᠪᠤᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2022﹈ 74 ᠳ᠋ᠦ᠋ᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ︽ᠨᠢᠭᠡ ᠬᠦᠷᠢᠶᠡᠯᠡᠩ ᠭᠤᠷᠪᠠᠨ ᠲᠣᠭᠤᠷᠢᠭ ᠣᠯᠠᠨ ᠴᠡᠭ︾ ᠤᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ | ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠬᠡᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠭᠤᠤᠯ | ᠬᠦᠷᠢᠶᠡᠯᠡᠩ ᠲᠣᠭᠤᠷᠢᠭ ᠪᠣᠯᠭᠠᠵᠤ᠂ ᠬᠤᠷᠢᠨᠭᠡᠷ ᠰᠢᠨ᠎ᠡ ᠲᠣᠭᠤᠷᠢᠭ ᠤᠨ ᠡᠭᠦᠯᠡᠨ ᠬᠥᠨᠳᠡᠢ ᠶᠢᠨ ᠲᠣᠭᠠᠴᠢᠯᠠᠭᠰᠠᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠ ᠰᠠᠶᠢᠬᠠᠨ | ᠲᠣᠭᠤᠷᠢᠭ ᠤᠨ ᠥᠪᠥᠷ ᠮᠣᠩᠭᠤᠯ ᠤᠨ ᠤᠮᠠᠷᠠᠲᠤ ᠶᠢᠨ ᠴᠢᠳᠠᠪᠤᠷᠢᠲᠠᠨ ᠢ ᠦᠨᠡᠯᠡᠨ ᠰᠢᠯᠭᠠᠬᠤ ᠦᠢᠯᠡᠴᠢᠯᠡᠭᠡᠨ ᠤ | ᠰᠠᠭᠤᠷᠢᠨ ᠭᠠᠵᠠᠷ ᠢᠶᠠᠷ ᠬᠤᠪᠢᠶᠠᠷᠢ ᠬᠦᠷᠢᠶᠡᠯᠡᠩ ᠲᠣᠭᠤᠷᠢᠭ ᠪᠣᠯᠭᠠᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠢᠨᠴᠢᠶᠣᠣ ᠶᠢᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ | ᠵᠢᠱᠢᠶ᠎ᠡ ᠦᠵᠡᠭᠦᠯᠬᠦ ᠣᠷᠣᠨ᠂ ᠥᠪᠥᠷ ᠮᠣᠩᠭᠤᠯ ᠤᠨ ᠤᠶᠤᠲᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ | ᠵᠡᠷᠭᠡ ᠣᠯᠠᠨ ᠭᠠᠵᠠᠷ ᠪᠠᠶᠢᠷᠢᠰᠢᠭᠤᠯᠤᠭᠰᠠᠨ᠂ ᠬᠠᠷᠢᠯᠴᠠᠨ ᠨᠥᠬᠦᠪᠦᠷᠢᠯᠡᠭᠰᠡᠨ᠂ ᠬᠠᠮᠵᠢᠯᠴᠠᠨ ᠬᠥᠭᠵᠢᠭᠰᠡᠨ ︽ᠨᠢᠭᠡ | ᠬᠦᠷᠢᠶᠡᠯᠡᠩ ᠭᠤᠷᠪᠠᠨ ᠲᠣᠭᠤᠷᠢᠭ ᠣᠯᠠᠨ ᠴᠡᠭ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠤᠰ ᠲᠤᠰ 1000 ᠲᠦᠮᠡᠨ ᠲᠥᠭᠦᠷᠢᠭ᠂ | 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠡᠭᠦᠳᠦᠨ ᠪᠠᠶᠢᠭᠤᠯᠬᠤ ᠨᠥᠬᠦᠪᠥᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠬᠤᠶᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ | ᠰᠢᠯᠢᠳᠡᠭᠵᠢᠭᠦᠯᠦᠨ᠎ᠡ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ | ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠣᠯᠠᠨ ᠨᠡᠶᠢᠲᠡ ᠶᠢᠨ | ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠵᠤ ᠨᠡᠪᠴᠢᠭᠦᠯᠬᠦ᠂ | ᠥᠪᠡᠷᠮᠢᠴᠡ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠬᠠᠮᠢᠶ᠎ᠠ ᠪᠥᠬᠦᠶ ᠴᠢᠳᠠᠮᠵᠢ ᠶᠢ ᠲᠥᠪᠯᠡᠷᠡᠭᠦᠯᠦᠭᠰᠡᠨ | ᠶᠡᠷᠦᠩᠬᠡᠶᠢᠯᠡᠭᠰᠡᠨ ᠴᠢᠨᠠᠷᠲᠠᠶ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠱᠠᠲᠤᠨ ᠤ | ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠ ᠠᠳᠠᠯ ᠦᠢᠯᠡᠰ | ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠬᠦᠷᠢᠶᠡᠯᠡᠩ | ᠲᠣᠭᠤᠷᠢᠭ ᠲᠤ ᠬᠠᠨᠳᠤᠭᠤᠯᠵᠤ᠂ ᠰᠢᠯᠢᠳᠡᠭ ᠢ ᠨᠢ ᠰᠣᠩᠭᠤᠵᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ︔ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠥᠪᠡᠷᠲᠡᠭᠡᠨ | ᠵᠠᠰᠠᠬᠤ ᠣᠷᠣᠨ ᠤ ᠲᠠᠰ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠬᠦᠷᠢᠶᠡᠯᠡᠩ ᠲᠣᠭᠤᠷᠢᠭ ᠲᠤ ᠬᠠᠨᠳᠤᠭᠤᠯᠵᠤ᠂ 100 ᠲᠦᠮᠡᠨ | ᠲᠥᠭᠦᠷᠢᠭ ᠠᠴᠠ 500 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ᠭᠤᠷᠪᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠭᠤᠷᠪᠠᠳᠠᠬᠢ ᠡᠲᠡᠭᠡᠳ ᠤᠨ | ᠡᠵᠡᠩᠨᠡᠯᠲᠡ ᠶᠢᠨ ᠪᠦᠯᠬᠦᠮ ᠢ ᠤᠷᠢᠨ ᠬᠦᠷᠢᠶᠡᠯᠡᠩ ᠲᠣᠭᠤᠷᠢᠭ ᠢ ᠡᠵᠡᠩᠨᠡᠭᠦᠯᠦᠨ᠎ᠡ᠃ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠬᠦᠷᠢᠶᠡᠯᠡᠩ ᠳᠤ ᠣᠷᠣᠵᠤ ᠬᠥᠭᠵᠢᠬᠦ ᠶᠢ ᠵᠣᠷᠢᠭᠵᠢᠭᠤᠯᠵᠤ᠂ | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ ᠳᠤ ᠰᠠᠭᠤᠷᠢᠰᠢᠭᠰᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠡᠮᠦᠨ᠎ᠡ ᠭᠤᠷᠪᠠᠨ ᠵᠢᠯ ᠤᠨ | ᠲᠦᠷᠢᠶᠡᠰᠦᠨ ᠮᠥᠩᠭᠦ ᠶᠢ ᠪᠦᠬᠦᠨ ᠢ ᠬᠡᠯᠲᠦᠷᠢᠭᠦᠯᠵᠦ᠂ ᠳᠥᠷᠪᠡᠳᠦᠭᠡᠷ ᠵᠢᠯ᠂ ᠲᠠᠪᠤᠳᠤᠭᠠᠷ ᠵᠢᠯ ᠤᠨ ᠲᠦᠷᠢᠶᠡᠰᠦᠨ | ᠮᠥᠩᠭᠦ ᠶᠢ ᠬᠠᠭᠠᠰ ᠢᠶᠠᠷ ᠬᠡᠯᠲᠦᠷᠢᠭᠦᠯᠦᠨ᠎ᠡ᠃ ᠠᠵᠤ ᠦᠢᠯᠡᠰ ᠤᠨ ᠬᠦᠷᠢᠶᠡᠯᠡᠩ ᠳᠤ ᠨᠢᠭᠡ ᠥᠷᠲᠡᠭᠡ ᠮᠠᠶ᠋ᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠠᠭᠤᠷᠢᠰᠢᠭᠰᠠᠨ ᠠᠵᠤ ᠠᠬᠤᠶᠢᠯᠠᠯ ᠳᠤ | ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠥᠷᠥᠯ ᠵᠦᠢᠯ ᠢ | ᠲᠠᠨᠢᠯᠴᠠᠭᠤᠯᠬᠤ ᠵᠡᠷᠭᠡ ᠪᠥᠬᠦ ᠬᠦᠴᠦᠨ ᠵᠦᠢᠯ᠂ ᠳᠣᠣᠷ᠎ᠠ ᠥᠪᠡᠷ ᠤᠨ ᠥᠷᠲᠡᠭ ᠲᠠᠢ᠂ ᠳᠥᠭᠦᠮ ᠳᠥᠲᠡ | ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠳᠥᠷᠪᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ | ᠳᠡᠯᠭᠡᠭᠦᠷ ᠲᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠬᠠᠮᠲᠤᠷᠠᠨ ᠡᠵᠡᠩᠨᠡᠬᠦ ᠪᠤᠶᠤ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠵᠠᠰᠠᠭ ᠤᠨ ᠣᠷᠳᠣᠨ ᠤ ᠴᠢᠳᠠᠪᠤᠷᠢᠲᠠᠨ ᠤ ᠦᠢᠯᠡᠴᠢᠯᠡᠭᠡᠨ ᠪᠣᠯᠤᠨ ᠳᠡᠭᠡᠳᠦ ᠰᠤᠷᠭᠠᠭᠤᠯᠢ | ᠲᠡᠭᠦᠰᠦᠭᠰᠡᠳ᠂ ᠬᠥᠯᠥᠰᠦᠨ ᠬᠦᠴᠦᠨ ᠵᠡᠷᠭᠡ ᠭᠤᠤᠯᠳᠠᠯᠭ᠎ᠠ ᠲᠠᠢ ᠬᠥᠮᠥᠰ ᠤᠨ ᠠᠵᠢᠯ ᠡᠷᠢᠵᠦ ᠡᠯᠰᠡᠬᠦ᠂ ᠠᠵᠢᠯ | ᠣᠯᠭᠤᠬᠤ ᠶᠢ ᠵᠢᠭᠠᠨ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡᠨ ᠤ | ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠵᠤ ᠠᠪᠬᠤ ᠶᠢ ᠵᠣᠷᠢᠭᠵᠢᠭᠤᠯᠵᠤ ᠬᠥᠲᠥᠯᠥᠨ | ᠵᠢᠯᠣᠭᠤᠳᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠡᠯ᠎ᠡ | ᠲᠥᠷᠥᠯ ᠤᠨ ᠨᠡᠶᠢᠭᠡᠮ ᠤᠨ ᠬᠥᠮᠦᠰ ᠲᠤ ᠠᠵᠢᠯ ᠲᠥᠷᠥᠯ ᠲᠠᠨᠢᠯᠴᠠᠭᠤᠯᠬᠤ᠂ ᠠᠵᠢᠯ ᠣᠯᠵᠤ ᠠᠳᠠᠯ ᠦᠢᠯᠡᠰ | ᠪᠣᠰᠬᠠᠬᠤ ᠪᠣᠯᠪᠠᠰᠤᠷᠠᠭᠤᠯᠤᠯ ᠬᠢᠬᠦ ᠵᠡᠷᠭᠡ ᠦᠢᠯᠡᠴᠢᠯᠡᠭᠡ ᠬᠠᠩᠭᠠᠵᠤ᠂ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠪᠡᠯ᠂ ᠠᠵᠢᠯ ᠣᠯᠵᠤ ᠠᠳᠠᠯ ᠦᠢᠯᠡᠰ ᠪᠣᠰᠬᠠᠬᠤ ᠦᠢᠯᠡᠴᠢᠯᠡᠭᠡᠨ ᠤ ᠨᠥᠬᠦᠪᠥᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ᠲᠠᠪᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯ ᠲᠥᠷᠥᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ | ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ | ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠪᠣᠯᠤᠨ | ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠬᠠᠮᠤᠷᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠎ᠠ᠃ ᠵᠢᠯ | ᠪᠦᠷᠢ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ | ᠡᠷᠬᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠠᠵᠢᠯ ᠡᠷᠬᠢᠯᠡᠭᠴᠢᠳ ᠤᠨ | ᠲᠤᠰᠬᠠᠶ ᠮᠡᠷᠭᠡᠵᠢᠯ ᠤᠨ ᠴᠣᠯᠠ ᠣᠯᠬᠤ ᠶᠢ ᠵᠣᠷᠢᠭᠵᠢᠭᠤᠯᠤᠨ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ | ᠨᠡᠶᠢᠭᠡᠮ ᠤᠨ ᠪᠣᠯᠪᠠᠰᠤᠷᠠᠭᠤᠯᠤᠯ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠠᠴᠠ ᠠᠵᠤ ᠠᠬᠤᠶᠢᠯᠠᠯ ᠤᠨ ᠬᠥᠮᠦᠨ ᠤ | ᠬᠦᠴᠦᠨ ᠤ ᠡᠬᠢ ᠪᠠᠶᠠᠯᠢᠭ ᠤᠨ ᠬᠠᠮᠢᠶᠠᠷᠤᠭᠴᠢ ᠬᠥᠮᠥᠵᠢᠭᠦᠯᠬᠦ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠭᠰᠡᠨ | ᠨᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠪᠠ ᠦᠨᠡᠯᠡᠯᠲᠡ ᠶᠢᠨ | ᠨᠥᠬᠦᠪᠥᠷᠢ ᠶᠢ ᠬᠦᠷᠲᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠵᠢᠷᠭᠤᠭ᠎ᠠ᠂ ᠭᠠᠳᠠᠭᠠᠳᠣ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭᠠᠨ ᠤ ᠦᠢᠯᠡᠴᠢᠯᠡᠭᠡᠨ ᠤ ᠴᠢᠳᠡᠪᠦᠷᠢ ᠶᠢ | ᠴᠢᠩᠭᠠᠷᠡᠭᠤᠯᠥᠨ᠎ᠠ | ᠭᠠᠳᠠᠭᠠᠳᠤ ᠶᠢᠨ ᠴᠢᠨᠠᠷ ᠰᠠᠶᠢᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠠᠬᠤᠶᠢᠯᠠᠯ᠂ ᠲᠥᠷᠥᠯ ᠵᠦᠢᠯ ᠪᠠ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠣᠷᠣᠰ ᠪᠠ ᠮᠣᠩᠭᠤᠯ | ᠤᠯᠤᠰ ᠯᠤᠭ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ | ᠬᠥᠭᠵᠢᠯᠲᠡ ᠶᠢ ᠳᠤᠮᠳᠠᠳᠤ ᠣᠷᠣᠰ ᠮᠣᠩᠭᠤᠯ ᠤᠨ ᠴᠢᠯᠥᠭᠡᠲᠦ ᠠᠷᠠᠯᠵᠢᠶᠠᠨ ᠤ ᠲᠣᠭᠤᠷᠢᠭ ᠲᠠᠢ ᠣᠷᠭᠠᠨᠢᠭ ᠢᠶᠠᠷ | ᠤᠶᠠᠯᠳᠤᠭᠤᠯᠵᠤ᠂ ᠳᠤᠮᠳᠠᠳᠤ ᠣᠷᠣᠰ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠰᠠᠭᠤᠷᠢᠨ ᠭᠠᠵᠠᠷ ᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠬᠦᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠵᠦ᠂ ᠬᠦᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠦ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ | ᠣᠯᠥᠰ ᠲᠤ ᠨᠡᠭᠡᠭᠡᠨ ᠰᠤᠳᠤᠯᠬᠤ ᠲᠥᠪ ᠪᠠ ᠰᠠᠯᠪᠦᠷᠢ ᠪᠠᠶᠢᠭᠤᠯᠥᠮᠵᠢ ᠪᠠᠶᠢᠭᠤᠯᠬᠤ ᠶᠢ ᠳᠡᠮᠵᠢᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠭᠠᠳᠠᠭᠠᠳᠤ ᠶᠠᠪᠤᠳᠠᠯ ᠤᠨ ᠠᠯᠪᠠᠨ ᠬᠡᠷ᠂ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ︶ | ᠳᠣᠯᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠡᠭᠦᠳᠦᠯᠲᠡ | ᠬᠥᠭᠵᠢᠯᠲᠡ ᠶᠢ ᠵᠣᠷᠢᠭᠵᠢᠭᠤᠯᠤᠨ᠎ᠠ | ᠳᠡᠭᠡᠳᠦ ᠮᠡᠷᠭᠡᠵᠢᠯ᠂ ᠥᠨᠳᠥᠷ ᠨᠡᠮᠡᠯᠲᠡ ᠥᠷᠲᠡᠭ ᠪᠦᠬᠦᠢ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠮᠥᠵᠢᠭᠦᠯᠦᠨ ᠬᠥᠭᠵᠢᠭᠦᠯᠵᠦ᠂ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ᠂ ᠤᠶᠤᠨᠴᠢᠯᠠᠭᠰᠠᠨ ᠲᠡᠶᠢᠰᠢ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠳᠡᠮᠵᠢᠵᠦ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠂ | ᠠᠯᠤᠰ ᠠᠴᠠ ᠨᠢᠭᠤᠷᠳᠠᠨ ᠰᠢᠯᠭᠠᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ᠂ ᠬᠠᠮᠵᠢᠯᠴᠠᠨ | ᠠᠵᠢᠯᠯᠠᠬᠤ᠂ ᠰᠦᠯᠵᠢᠶᠡᠨ ᠳᠡᠭᠡᠷᠡᠬᠢ ᠪᠣᠯᠪᠠᠰᠤᠷᠠᠯ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠲᠣᠰ ᠵᠢᠯ ᠳᠤ ᠦᠨᠡᠯᠡᠨ ᠲᠣᠭᠲᠠᠭᠠᠭᠰᠠᠨ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ | ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠳᠡᠮᠵᠢᠯᠭᠡ | ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ | ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠨ | ᠲᠣᠭᠲᠠᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠳᠤ ᠲᠣᠰ ᠲᠣᠰ | 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠨᠥᠬᠦᠪᠥᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠨᠠᠢᠮᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠬᠢᠨᠠᠨ ᠬᠠᠮᠢᠶᠠᠷᠬᠤ | ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ | ᠡᠳᠦᠷ ᠲᠤᠲᠤᠮ ᠤᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠢᠲᠡᠭᠡᠮᠵᠢ ᠶᠢᠨ ᠳᠡᠰ ᠲᠣᠭᠲᠠᠭᠠᠬᠤ ᠲᠦᠷᠢᠮ ᠢ ᠬᠡᠷᠡᠭᠵᠢᠭᠦᠯᠦᠨ᠂ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ | ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠠᠵᠢᠯᠯᠠᠭ᠎ᠠ ᠶᠢ | ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ | ᠬᠥᠬᠡᠬᠤᠲᠠ ᠶᠢᠨ ᠨᠡᠶᠢᠲᠡᠯᠡᠭᠰᠡᠨ ᠠᠵᠤ ᠠᠬᠤᠶᠢᠯᠠᠯ ᠢ ᠳᠡᠮᠵᠢᠬᠦ ᠪᠤᠰᠤᠳ ᠠᠳᠠᠯᠢ ᠲᠥᠷᠥᠯ ᠤᠨ ᠲᠥᠷᠥ ᠶᠢᠨ | ᠪᠣᠳᠣᠯᠭ᠎ᠠ ᠲᠠᠢ ᠬᠠᠮᠲᠤ ᠬᠠᠮᠤᠭ ᠥᠨᠳᠥᠷ ᠢᠶᠠᠷ ᠪᠠᠷᠢᠮᠵᠢᠶᠠᠯᠠᠨ ᠬᠠᠷᠠᠭᠠᠯᠵᠠᠬᠤ᠂ ᠳᠠᠪᠬᠤᠷᠳᠠᠭᠤᠯᠤᠨ ᠭᠥᠷᠳᠡᠬᠦ ᠥᠬᠡᠶ | ᠵᠠᠷᠴᠢᠮ ᠶᠣᠰᠣᠭᠠᠷ ᠬᠡᠷᠡᠭᠵᠢᠭᠦᠯᠦᠨ᠎ᠡ᠃ | | | | |