︽ᠬᠥᠮᠥᠨ ᠪᠤᠯᠬᠤ ᠪᠠᠭ᠎ᠠ ᠠᠴᠠ ᠪᠠᠨ᠂ ᠭᠦᠯᠦᠭ ᠪᠤᠯᠬᠤ ᠤᠨᠠᠭᠠᠨ ᠠᠴᠠ ᠪᠠᠨ︾ ᠭᠡᠳᠡᠭᠴᠢᠯᠡᠨ ᠪᠠᠭ᠎ᠠ | ᠰᠤᠷᠭᠠᠭᠤᠯᠢ ᠶᠢᠨ ᠳᠣᠣᠷ᠎ᠠ ᠣᠨ ᠤ ᠰᠣᠷᠣᠬᠴᠢᠳ ᠢ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠲᠠᠢ | ᠪᠤᠯᠭᠠᠵᠤ ᠬᠥᠮᠥᠵᠢᠭᠦᠯᠬᠦ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠣᠨ᠎ᠠ᠃ ᠰᠠᠶᠢᠨ | ᠰᠠᠶᠢᠬᠠᠨ ᠳᠠᠳᠬᠠᠯ ᠲᠠᠢ ᠪᠤᠯᠬᠤ ᠨᠢ ᠳᠡᠳᠡᠨ ᠤ ᠬᠤᠶᠢᠰᠢᠳᠠ ᠶᠢᠨ ᠠᠮᠢᠳᠤᠷᠠᠯ ᠰᠤᠷᠤᠯᠴᠠᠯᠭ᠎ᠠ ᠳᠤ ᠪᠠᠲᠤ | ᠰᠠᠭᠤᠷᠢ ᠪᠤᠯᠳᠠᠭ ᠲᠤᠯᠠ ᠡᠨᠡ ᠨᠢ ᠨᠢᠭᠡᠨᠲᠡ ᠰᠤᠷᠭᠠᠭᠤᠯᠢ ᠪᠠ ᠭᠡᠷ ᠪᠦᠯᠢ ᠶᠢᠨ ᠬᠠᠮᠲᠤ ᠶᠢᠨ ᠠᠩᠬᠠᠷᠤᠯ ᠤᠨ | ᠰᠡᠳᠦᠪ ᠪᠣᠯᠵᠤ ᠪᠤᠢ᠃ | ᠰᠠᠶ᠋ᠢᠬᠠᠨ ᠪᠠᠭ᠎ᠠ ᠰᠤᠷᠭᠠᠭᠤᠯᠢ ᠳᠤ ᠣᠷᠣᠭᠰᠠᠨ ᠰᠤᠷᠤᠬᠴᠢᠳ ᠰᠤᠷᠤᠯᠭ᠎ᠠ᠂ ᠠᠮᠢᠳᠤᠷᠠᠯ᠂ ᠶᠠᠪᠤᠯᠴᠠᠭ᠎ᠠ᠂ | ᠠᠵᠢᠯᠯᠠᠭ᠎ᠠ ᠶᠢᠨ ᠲᠠᠯ᠎ᠠ ᠪᠠᠷ ᠪᠦᠷ ᠰᠢᠨ᠎ᠡ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠠ ᠳᠦᠷᠢᠮᠵᠢᠯ ᠳᠤ ᠲᠤᠯᠭᠠᠷᠠᠵᠤ᠂ | ᠡᠨᠡ ᠲᠠᠯ᠎ᠠ ᠪᠠᠷ ᠬᠢ ᠦᠵᠡᠯ ᠤᠬᠠᠮᠰᠠᠷ ᠪᠠ ᠵᠠᠩ ᠳᠠᠳᠬᠠᠯ ᠨᠢ ᠶᠡᠷᠦ ᠨᠢ ᠪᠣᠯᠪᠠᠰᠤᠷᠠᠩᠭᠤᠢ ᠪᠤᠰᠤ ᠪᠠᠶᠢᠵᠤ᠂ ᠪᠠᠭᠰᠢ | ᠵᠢᠴᠢ ᠭᠡᠷ ᠤᠨ ᠠᠬᠠᠮᠠᠳ ᠠᠴᠠ ᠬᠠᠨᠳᠤᠯᠭᠠᠲᠤ ᠴᠢᠨᠠᠷᠲᠠᠢ ᠪᠠᠷ ᠬᠥᠮᠥᠵᠢᠭᠦᠯᠬᠦ ᠪᠤᠶᠤ ᠬᠥᠲᠥᠯᠥᠨ ᠵᠢᠯᠤᠭᠤᠳᠬᠤ ᠶᠢ | ᠱᠠᠭᠠᠷᠳᠠᠳᠠᠭ᠃ ᠳᠣᠣᠷ᠎ᠠ ᠣᠨ ᠤ ᠰᠤᠷᠤᠬᠴᠢᠳ ᠪᠠᠰᠠ ᠥᠪᠡᠷ ᠢ ᠪᠠᠨ ᠡᠵᠡᠮᠳᠡᠬᠦ ᠴᠢᠳᠠᠪᠤᠷᠢ ᠪᠠᠷ ᠳᠤᠲᠠᠮᠠᠭ᠂ | ᠭᠠᠳᠠᠭᠠᠳᠤ ᠣᠷᠴᠢᠨ ᠤ ᠨᠥᠯᠥᠭᠡ ᠶᠢ ᠠᠮᠠᠷᠬᠠᠨ ᠭᠦᠷᠳᠡᠭᠦ᠂ ᠬᠢᠴᠢᠶᠡᠯ ᠤᠨ ᠴᠠᠭ ᠠᠩᠬᠠᠷᠤᠯ ᠲᠥᠪᠯᠡᠷᠡᠬᠦ ᠦᠭᠡᠢ᠂ | ᠳᠠᠰᠬᠠᠯ ᠳᠠᠭᠠᠭᠠᠯᠭᠠᠪᠤᠷᠢ ᠬᠢᠬᠦ ᠳᠡᠭᠡᠨ ᠬᠢᠨᠠᠮᠠᠭᠠᠢ ᠪᠤᠰᠤ ᠪᠤᠶᠤ ᠰᠡᠳᠬᠢᠯ ᠲᠥᠪᠯᠡᠷᠡᠬᠦ ᠦᠭᠡᠢ ᠤᠳᠠᠭᠠᠰᠢᠷᠠᠨ | ᠰᠤᠨᠵᠢᠷᠠᠭᠤᠯᠬᠤ᠂ ᠨᠠᠭᠠᠳᠤᠮ ᠲᠣᠭᠯᠠᠭᠠᠮ ᠳᠤ ᠰᠡᠳᠬᠢᠯ ᠬᠤᠪᠢᠶᠠᠭᠳᠠᠬᠤ᠂ ᠬᠥᠮᠥᠨ ᠤ ᠬᠤᠭᠤᠷᠤᠨᠳᠤᠭᠢ ᠬᠠᠷᠢᠴᠠᠭ᠎ᠠ | ᠶᠢ ᠬᠡᠷᠬᠢᠨ ᠰᠢᠢᠳᠪᠦᠷᠢᠯᠡᠬᠦ ᠶᠢ ᠮᠡᠳᠡᠬᠦ ᠦᠭᠡᠢ ᠭᠡᠬᠦ ᠮᠡᠲᠦ ᠶᠢᠨ ᠣᠨᠴᠠᠯᠢᠭ ᠲᠠᠢ ᠪᠠᠶᠢᠳᠠᠭ᠃ | ᠳᠡᠭᠡᠪᠡᠯ᠂ ᠰᠤᠷᠤᠬᠴᠢᠳ ᠤᠨ ᠦᠢᠯᠡ ᠠᠵᠢᠯᠯᠠᠭᠠᠨ ᠤ ᠳᠠᠳᠬᠠᠯ ᠤᠨ ᠬᠥᠮᠦᠵᠢᠯ ᠢ ᠰᠠᠶᠢᠲᠤᠷ ᠬᠢᠬᠦ ᠳᠤ | ᠰᠤᠷᠭᠠᠭᠤᠯᠢ ᠪᠤᠶᠤ ᠠᠩᠭᠢ ᠶᠢᠨ ᠡᠷᠭᠢᠯᠡᠭᠴᠢ ᠪᠠᠭᠰᠢ ᠠᠴᠠ ᠨᠢᠭᠡᠨ ᠢᠵᠢ ᠪᠣᠳᠠᠲᠠᠢ ᠬᠡᠷᠡᠭᠵᠢᠭᠦᠯᠵᠦ ᠪᠣᠯᠬᠤᠶᠢᠴᠠ | ᠦᠢᠯᠡ ᠠᠵᠢᠯᠯᠠᠭᠠᠨ ᠤ ᠳᠦᠷᠢᠮᠵᠢᠯ ᠢ ᠲᠣᠭᠲᠠᠭᠠᠬᠤ ᠬᠡᠷᠡᠭᠲᠡᠢ᠃ ᠬᠢᠴᠢᠶᠡᠯ ᠤᠨ ᠲᠠᠩᠬᠢᠮ ᠤᠨ ᠰᠠᠬᠢᠯᠭ᠎ᠠ ᠪᠠᠲᠤ᠂ | ᠰᠤᠷᠭᠠᠭᠤᠯᠢ ᠶᠢᠨ ᠶᠣᠰᠣ ᠮᠣᠷᠠᠯ᠂ ᠪᠤᠰᠤᠳ ᠲᠠᠢ ᠬᠠᠷᠢᠯᠴᠠᠬᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠵᠡᠷᠭᠡ | ᠲᠠᠯ᠎ᠠ ᠪᠠᠷ ᠰᠤᠷᠤᠬᠴᠢᠳ ᠲᠤ ᠪᠦᠭᠦ ᠲᠠᠯ᠎ᠠ ᠶᠢᠨ ᠦᠢᠯᠡ ᠠᠵᠢᠯᠯᠠᠭᠠᠨ ᠤ ᠵᠦᠭᠯᠡᠭᠦᠷ ᠬᠠᠩᠭᠠᠪᠠᠯ ᠵᠣᠬᠢᠨ᠎ᠠ᠃ ᠭᠡᠬᠦ | ᠳᠡᠭᠡᠨ ᠲᠣᠭᠲᠠᠭᠠᠯ ᠳᠦᠷᠢᠮ ᠨᠢ ᠲᠣᠪᠴᠢ ᠠᠪᠰᠠᠷᠬᠠᠨ ᠮᠥᠷᠲᠡᠭᠡᠨ ᠣᠶᠢᠯᠠᠭᠠᠬᠤ ᠳᠤ ᠠᠮᠠᠷᠬᠠᠨ ᠪᠠᠶᠢᠬᠤ ᠶᠢ | ᠠᠩᠬᠠᠷᠴᠤ᠂ ᠠᠩᠭᠢ ᠶᠢᠨ ᠬᠤᠷᠠᠯ᠂ ᠥᠷᠯᠥᠭᠡ ᠶᠢᠨ ᠤᠩᠰᠢᠯᠭ᠎ᠠ ᠵᠡᠷᠭᠡ ᠴᠠᠭ ᠢ ᠲᠣᠬᠢᠶᠠᠯᠳᠤᠭᠤᠯᠤᠨ ᠲᠠᠭᠢᠨ | ᠳᠠᠪᠲᠠᠨ ᠴᠢᠬᠤᠯᠠᠴᠢᠯᠠᠵᠤ᠂ ᠰᠤᠷᠤᠬᠴᠢ ᠨᠢᠭᠡᠪᠦᠷᠢ ᠶᠠᠭᠤ ᠶᠢ ᠬᠢᠵᠦ ᠪᠤᠯᠬᠤ ᠶᠠᠭᠤ ᠶᠢ ᠬᠢᠵᠦ ᠪᠤᠯᠬᠤ ᠦᠭᠡᠢ ᠶᠢ | ᠲᠣᠳᠣᠷᠬᠠᠢ ᠣᠶᠢᠯᠠᠭᠠᠭᠤᠯᠤᠨ᠎ᠠ᠃ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠢ ᠪᠦᠷᠢᠯᠳᠦᠭᠦᠯᠬᠦ ᠳᠤ | ᠲᠠᠭᠢᠨ ᠳᠠᠪᠲᠠᠨ ᠪᠣᠯᠪᠠᠰᠤᠷᠠᠬᠤ ᠪᠠ ᠪᠠᠲᠤᠳᠬᠠᠨ ᠬᠢᠬᠦ ᠴᠢᠬᠤᠯᠠᠲᠠᠢ᠃ ᠦᠢᠯᠡ ᠠᠵᠢᠯᠯᠠᠭ᠎ᠠ ᠶᠢᠨ ᠳᠦᠷᠢᠮᠵᠢᠯ ᠢ | ᠠᠩᠭᠢ ᠶᠢᠨ ᠡᠷᠭᠢᠯᠡᠭᠴᠢᠳ ᠡᠳᠦᠷ ᠲᠤᠳᠤᠮ ᠤᠨ ᠵᠢᠭᠠᠨ ᠰᠤᠷᠭᠠᠯᠲᠠ ᠪᠠ ᠬᠠᠮᠢᠶᠠᠷᠤᠯᠲᠠ ᠳᠠᠭᠠᠨ ᠣᠷᠭᠠᠨᠢᠭ ᠢᠶᠠᠷ | ᠤᠶᠠᠯᠳᠤᠭᠤᠯᠵᠤ᠂ ᠰᠤᠷᠤᠬᠴᠢᠳ ᠢ ᠦᠢᠯᠡᠳᠦᠯᠭᠡ ᠶᠢᠨ ᠳᠤᠮᠳᠠ ᠣᠷᠣᠯᠴᠠᠭᠤᠯᠵᠤ᠂ ᠡᠵᠡᠨ ᠬᠥᠮᠥᠨ ᠤ ᠦᠢᠯᠡᠳᠦᠯ ᠢ | ᠨᠢ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠦᠢᠯᠡ ᠠᠵᠢᠯᠯᠠᠭ᠎ᠠ ᠶᠢᠨ ᠪᠣᠯᠪᠠᠰᠤᠷᠠᠯ ᠬᠢᠬᠦ᠂ ᠶᠣᠰᠣᠷᠬᠠᠭ | ᠪᠣᠯᠪᠠᠰᠤᠨ ᠬᠡᠯᠡᠯᠭᠡ ᠶᠢ ᠵᠢᠭᠠᠪᠠᠯ ᠵᠣᠬᠢᠨ᠎ᠠ᠃ | ᠪᠠᠰᠠ ᠰᠤᠷᠤᠬᠴᠢᠳ ᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠦᠷᠢᠮᠵᠢᠯ ᠲᠠᠢ ᠪᠤᠯᠭᠠᠵᠤ | ᠬᠥᠮᠥᠵᠢᠭᠦᠯᠬᠦ ᠳᠤ ᠬᠡᠪ ᠳᠠᠭᠤᠷᠢᠶᠠᠯ ᠤᠨ ᠦᠢᠯᠡᠳᠦᠯ᠂ ᠱᠠᠩᠨᠠᠵᠤ ᠲᠣᠷᠭᠠᠬᠤ ᠳᠦᠷᠢᠮ᠂ ᠥᠪᠡᠷ ᠢ ᠪᠠᠨ ᠡᠷᠭᠢᠴᠡᠭᠦᠯᠦᠨ | ᠲᠤᠩᠭᠠᠬᠤ ᠶᠢ ᠵᠣᠷᠢᠭᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠳ᠋ᠦᠩᠨᠡᠨ ᠦᠨᠡᠯᠡᠬᠦ ᠮᠡᠲᠦ ᠶᠢᠨ ᠠᠷᠭ᠎ᠠ ᠬᠡᠮᠵᠢᠶ᠎ᠡ | ᠶᠢ ᠠᠪᠴᠤ ᠪᠣᠯᠣᠨ᠎ᠠ᠃ ᠪᠣᠳᠠᠲᠠᠶᠢᠴᠢᠯᠠᠨ ᠶᠠᠷᠢᠪᠠᠯ᠂ ᠪᠠᠭᠰᠢ ᠶᠢᠨ ᠲᠤᠰ ᠪᠡᠶ᠎ᠡ ᠶᠢᠨ ᠦᠢᠯᠡ ᠠᠵᠢᠯᠯᠠᠭ᠎ᠠ ᠨᠢ | ᠰᠤᠷᠤᠬᠴᠢᠳ ᠢ ᠨᠥᠯᠥᠭᠡᠯᠡᠳᠡᠭ᠃ ᠡᠶᠢᠮᠦ ᠠᠴᠠ ᠠᠩᠭᠢ ᠶᠢᠨ ᠡᠷᠭᠢᠯᠡᠭᠴᠢ ᠪᠣᠯᠣᠭᠰᠠᠳ ᠬᠢᠴᠢᠶᠡᠯ ᠤᠨ ᠴᠠᠭ ᠲᠤ | ᠲᠡᠷᠡ᠂ ᠡᠳᠦᠷ ᠲᠤᠳᠤᠮ ᠤᠨ ᠠᠮᠢᠳᠤᠷᠠᠯ ᠳᠤᠮᠳᠠ ᠴᠸ ᠲᠡᠷᠡ ᠥᠪᠡᠷ ᠤᠨ ᠦᠭᠡ ᠶᠠᠷᠢᠶ᠎ᠠ᠂ ᠦᠢᠯᠡ ᠠᠵᠢᠯᠯᠠᠭ᠎ᠠ ᠪᠠᠷ | ᠢᠶᠠᠨ ᠰᠤᠷᠤᠬᠴᠢᠳ ᠲᠤ ᠬᠡᠪ ᠳᠠᠭᠤᠷᠢᠶᠠᠯ ᠪᠤᠯᠬᠤ ᠬᠡᠷᠡᠭᠲᠡᠢ᠃ ᠵᠦᠢ ᠵᠣᠬᠢᠰᠲᠠᠢ ᠱᠠᠩᠨᠠᠵᠤ ᠲᠣᠷᠭᠠᠬᠤ ᠳᠦᠷᠢᠮ ᠨᠢ | ᠰᠤᠷᠤᠬᠴᠢᠳ ᠤᠨ ᠦᠢᠯᠡ ᠠᠵᠢᠯᠯᠠᠭ᠎ᠠ ᠶᠢ ᠳᠦᠷᠢᠮᠵᠢᠭᠦᠯᠦᠨ ᠤᠷᠮᠠᠰᠢᠭᠤᠯᠬᠤ ᠪᠦᠲᠦᠮᠵᠢᠲᠡᠶ ᠠᠷᠭ᠎ᠠ ᠪᠠᠷᠢᠯ ᠪᠣᠯᠣᠨ᠎ᠠ᠃ | ᠠᠩᠭᠢ ᠶᠢᠨ ᠡᠷᠭᠢᠯᠡᠭᠴᠢ ︽ᠦᠢᠯᠡ ᠠᠵᠢᠯᠯᠠᠭ᠎ᠠ ᠶᠢᠨ ᠣᠳᠣᠨ︾᠂ ︽ᠪᠣᠯᠪᠠᠰᠤᠨ ᠵᠢᠱᠢᠶᠡᠴᠢ︾ ᠵᠡᠷᠭᠡ ᠱᠠᠩᠨᠠᠯ | ᠭᠠᠷᠭᠠᠵᠤ ᠰᠢᠯᠢᠳᠡᠭ ᠢᠯᠡᠷᠡᠯ ᠲᠠᠢ ᠰᠤᠷᠤᠬᠴᠢᠳ ᠢ ᠰᠠᠶᠢᠰᠢᠶᠠᠨ ᠬᠥᠬᠢᠭᠦᠯᠵᠦ᠂ ᠪᠤᠰᠤᠳ ᠰᠤᠷᠤᠬᠴᠢᠳ ᠤᠨ | ᠳᠠᠭᠤᠷᠢᠶᠠᠨ ᠰᠤᠷᠤᠯᠴᠠᠬᠤ ᠬᠡᠪ ᠳᠠᠭᠤᠷᠢᠶᠠᠯ ᠪᠤᠯᠭᠠᠵᠤ ᠪᠣᠯᠣᠨ᠎ᠠ᠃ ᠡᠭᠦᠨ ᠤ ᠡᠰᠡᠷᠭᠦ ᠪᠠᠷ ᠰᠠᠬᠢᠯᠭ᠎ᠠ ᠳᠦᠷᠢᠮ ᠢ | ᠵᠥᠷᠢᠴᠡᠭᠰᠡᠨ ᠦᠢᠯᠡ ᠠᠵᠢᠯᠯᠠᠭ᠎ᠠ ᠳᠤ ᠵᠠᠯᠬᠠᠭᠠᠨ ᠰᠢᠳᠭᠡᠭᠦ ᠠᠷᠭ᠎ᠠ ᠬᠡᠮᠵᠢᠶ᠎ᠡ ᠠᠪᠴᠤ᠂ ᠰᠤᠷᠤᠬᠴᠢᠳ ᠤᠨ ᠪᠡᠶ᠎ᠡ | ᠰᠡᠳᠬᠢᠴᠡ ᠶᠢ ᠭᠦᠨᠳᠡᠭᠦ ᠦᠭᠡᠢ ᠪᠠᠶᠢᠳᠠᠯ ᠳᠤ ᠵᠣᠬᠢᠬᠤ ᠰᠡᠷᠡᠮᠵᠢ ᠥᠭᠬᠦ᠂ ᠳᠡᠳᠡᠨ ᠤ ᠳᠠᠪᠠᠭᠤᠯᠢᠭ ᠲᠠᠯ᠎ᠠ ᠪᠠ | ᠬᠦᠷᠦᠯᠴᠡᠬᠦ ᠦᠭᠡᠢ ᠲᠠᠯ᠎ᠠ ᠶᠢ ᠬᠡᠯᠡᠵᠦ ᠲᠠᠨᠢᠭᠤᠯᠵᠤ ᠪᠣᠯᠣᠨ᠎ᠠ᠃ ᠪᠠᠭᠰᠢ ᠠᠴᠠ ᠪᠠᠰᠠ ᠲᠣᠭᠲᠠᠮᠠᠯ | ᠬᠤᠭᠤᠴᠠᠭ᠎ᠠ ᠲᠠᠢ ᠪᠠᠷ ᠳ᠋ᠦᠩᠨᠡᠯᠲᠡ ᠦᠨᠡᠯᠡᠯᠲᠡ ᠬᠢᠵᠦ᠂ ᠠᠩᠭᠢ ᠶᠢᠨ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠪᠠᠨ | ᠲᠣᠬᠢᠷᠠᠭᠤᠯᠪᠠᠯ ᠵᠣᠬᠢᠨ᠎ᠠ᠃ | ᠭᠡᠷ ᠪᠦᠯᠢ ᠪᠣᠯ ᠬᠡᠦᠬᠡᠳ ᠤᠨ ᠳᠠᠳᠬᠠᠯ ᠪᠦᠷᠢᠯᠳᠦᠬᠦ ᠠᠩᠬᠠᠨ ᠤ ᠬᠢᠴᠢᠶᠡᠯ ᠤᠨ ᠲᠠᠩᠬᠢᠮ ᠪᠠᠶᠢᠳᠠᠭ ᠠᠴᠠ | ᠠᠩᠭᠢ ᠶᠢᠨ ᠡᠷᠭᠢᠯᠡᠭᠴᠢ ᠰᠠᠨᠠᠭᠠᠴᠢᠯᠠᠭ᠎ᠠ ᠠᠴᠠ ᠪᠠᠨ ᠭᠡᠷ ᠤᠨ ᠠᠬᠠᠮᠠᠳ ᠲᠠᠢ ᠬᠠᠷᠢᠯᠴᠠᠵᠤ᠂ ᠬᠡᠦᠬᠡᠳ ᠤᠨ ᠦᠢᠯᠡ | ᠠᠵᠢᠯᠯᠠᠭᠠᠨ ᠤ ᠳᠠᠳᠬᠠᠯ ᠢ ᠬᠥᠮᠥᠵᠢᠭᠦᠯᠬᠦ ᠠᠷᠭ᠎ᠠ ᠪᠣᠳᠣᠯᠭ᠎ᠠ ᠪᠠᠨ ᠬᠤᠪᠢᠶᠠᠯᠴᠠᠵᠤ ᠪᠣᠯᠣᠨ᠎ᠠ᠃ ᠭᠡᠷ ᠤᠨ ᠠᠬᠠᠮᠠᠳ | ᠪᠣᠯᠣᠭᠰᠠᠳ ᠶᠡᠷᠦ ᠴᠠᠭ ᠲᠤ ᠥᠪᠡᠷ ᠤᠨ ᠦᠭᠡ ᠶᠠᠷᠢᠶ᠎ᠠ᠂ ᠦᠢᠯᠡ ᠠᠵᠢᠯᠯᠠᠭ᠎ᠠ ᠪᠠᠨ ᠬᠢᠴᠢᠶᠡᠵᠦ᠂ ᠬᠡᠦᠬᠡᠳ ᠲᠡᠭᠡᠨ | ᠳᠠᠭᠤᠷᠢᠶᠠᠯ ᠪᠣᠯᠪᠠᠯ ᠵᠣᠬᠢᠨ᠎ᠠ᠃ | ᠤᠷᠭᠠᠰᠢᠭᠠ ᠦᠭᠡᠢ ᠤᠨᠠᠭᠠᠨ ᠪᠣᠷᠣ᠂ ᠤᠬᠠᠭᠠᠵᠢᠭᠠ ᠦᠭᠡᠢ ᠭᠡᠨᠡᠨ ᠴᠠᠶᠢᠯᠭᠠᠨ ᠬᠡᠦᠬᠡᠳ ᠤᠳ ᠢᠶᠠᠨ ᠰᠠᠶᠢᠨ | ᠰᠠᠶᠢᠬᠠᠨ ᠳᠠᠳᠬᠠᠯ ᠲᠠᠢ ᠬᠥᠮᠥᠵᠢᠭᠦᠯᠬᠦ ᠪᠣᠯ ᠪᠢᠳᠡ ᠪᠦᠭᠦᠨ ᠤ ᠲᠦᠯᠬᠢᠵᠦ ᠪᠣᠯᠣᠰᠢ ᠦᠭᠡᠢ ᠡᠭᠦᠷᠭᠡ | ᠬᠠᠷᠢᠭᠤᠴᠠᠯᠭ᠎ᠠ ᠪᠣᠯᠣᠨ᠎ᠠ᠃ ᠡᠭᠦᠨ ᠳᠤ ᠨᠡᠶᠢᠭᠡᠮ᠂ ᠰᠤᠷᠭᠠᠭᠤᠯᠢ᠂ ᠭᠡᠷ ᠪᠦᠯᠢ ᠰᠡᠳᠬᠢᠯ ᠨᠢᠭᠡᠳᠦᠨ ᠬᠦᠴᠦᠯᠡᠬᠦ | ᠬᠡᠷᠡᠭᠲᠡᠢ᠃ | | |