3 ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ︽ᠵᠠᠯᠠᠭᠤᠴᠤᠳ ᠪᠠᠭᠠᠴᠤᠳ ᠤᠨ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠰᠡᠬᠦᠬᠦ ᠶᠣᠰᠣᠯᠠᠯ ᠦᠴᠦᠸᠠᠨ | ᠮᠦᠽᠧᠢ ᠳᠤ ᠶᠠᠪᠤᠭᠳᠠᠪᠠ᠃ ᠲᠣᠰ ᠤᠳᠠᠭᠠᠨ ᠤ ᠫᠠᠶᠢᠰᠠ ᠰᠡᠬᠦᠭᠰᠡᠨ ᠨᠢ ᠦᠴᠦᠸᠠᠨ ᠮᠦᠽᠧᠢ ᠵᠢᠩᠬᠢᠨᠢ ᠪᠠᠷ | ᠦᠴᠦᠸᠠᠨ ᠰᠢᠶᠠᠨ ᠤ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ | ᠴᠢᠬᠤᠯᠠ ᠵᠢᠭᠰᠠᠭᠠᠯ ᠤᠨ ᠭᠠᠵᠠᠷ ᠪᠣᠯᠵᠤ᠂ ᠵᠠᠯᠠᠭᠤᠴᠤᠳ ᠪᠠᠭᠠᠴᠤᠳ ᠲᠤ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠬᠢᠬᠦ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠬᠤ ᠶᠢ ᠬᠠᠷᠠᠭᠤᠯᠵᠤ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠴᠦᠸᠠᠨ ᠮᠦᠽᠧᠢ ᠶᠢᠨ ᠬᠠᠷᠢᠭᠤᠴᠠᠯᠭᠠᠲᠠᠨ ᠮᠦᠽᠧᠢ ᠶᠢᠨ | ᠬᠠᠳᠠᠭᠠᠯᠠᠮᠵᠢ ᠶᠢᠨ ᠡᠳ᠋ ᠪᠣᠯᠣᠨ ᠲᠡᠦᠬᠡ ᠰᠣᠶᠣᠯ ᠤᠨ ᠡᠬᠢ ᠪᠠᠶᠠᠯᠢᠭ ᠢ ᠲᠠᠨᠢᠯᠴᠠᠭᠤᠯᠵᠤ᠂ ᠰᠢᠶᠠᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠲᠤ ᠪᠠᠷ ︽ᠵᠠᠯᠠᠭᠤᠴᠤᠳ ᠪᠠᠭᠠᠴᠤᠳ ᠤᠨ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠶᠢ ᠰᠡᠬᠦᠪᠡ᠃ | | | | | | ᠦᠴᠦᠸᠠᠨ ᠮᠦᠽᠧᠢ ᠳᠤ ᠶᠡᠭᠡ ᠬᠡᠮᠵᠢᠶᠡᠨ ᠤ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠪᠣᠯᠣᠨ | ᠲᠡᠦᠬᠡ ᠶᠢᠨ ᠮᠠᠲ᠋ᠧᠷᠢᠶᠠᠯ ᠢ ᠳᠡᠯᠭᠡᠨ ᠦᠵᠡᠭᠦᠯᠵᠦ᠂ ᠪᠠᠯᠠᠷ ᠡᠷᠲᠡᠨ ᠤ ᠦᠶ᠎ᠡ ᠠᠴᠠ ᠣᠷᠴᠢᠨ ᠤᠳᠤ ᠦᠶ᠎ᠡ ᠶᠢᠨ ᠡᠯ᠎ᠡ | ᠲᠡᠦᠬᠡᠨ ᠱᠠᠲᠤ ᠦᠶ᠎ᠡ ᠶᠢ ᠬᠠᠮᠤᠷᠴᠤ᠂ ᠦᠴᠦᠸᠠᠨ ᠣᠷᠣᠨ ᠤ ᠲᠡᠦᠬᠡ ᠶᠢᠨ ᠬᠥᠭᠵᠢᠯᠲᠡ ᠶᠢᠨ ᠬᠤᠪᠢᠷᠠᠯᠲᠠ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠪᠠᠶᠢᠳᠠᠯ ᠵᠢᠴᠢ | ᠦᠴᠦᠸᠠᠨ ᠤ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡᠨ ᠳᠠᠬᠢ ᠴᠢᠬᠤᠯᠠ ᠪᠠᠶᠢᠷᠢ ᠰᠠᠭᠤᠷᠢ ᠶᠢ | ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠮᠦᠽᠧᠢ ᠪᠠᠶᠢᠭᠤᠯᠤᠭᠳᠠᠵᠤ ᠨᠡᠭᠡᠭᠡᠯᠲᠡ ᠬᠢᠭᠰᠡᠨ ᠠᠴᠠ ᠨᠠᠰᠢ᠂ ᠡᠯᠪᠡᠭ | ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠡᠢ᠃ | ᠲᠣᠰ ᠤᠳᠠᠭ᠎ᠠ ᠵᠠᠯᠠᠭᠤᠴᠤᠳ ᠪᠠᠭᠠᠴᠤᠳ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ | ᠭᠠᠵᠠᠷ ᠢ ᠪᠠᠶᠢᠭᠤᠯᠤᠭᠰᠠᠨ ᠨᠢ ᠮᠦᠽᠧᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ | ᠵᠠᠯᠠᠭᠤᠴᠤᠳ ᠪᠠᠭᠠᠴᠤᠳ ᠲᠤ ᠲᠡᠦᠬᠡ ᠶᠢ ᠭᠦᠨᠵᠡᠭᠡᠢ ᠣᠶᠢᠯᠠᠭᠠᠬᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ | ᠵᠠᠯᠭᠠᠮᠵᠢᠯᠠᠬᠤ ᠲᠠᠪᠴᠠᠩ ᠬᠠᠩᠭᠠᠬᠤ ᠶᠢᠨ ᠲᠥᠯᠥᠭᠡ ᠶᠤᠮ᠃ ᠪᠠᠶᠠᠯᠢᠭ ᠰᠠᠶᠢᠬᠠᠨ ᠰᠤᠷᠭᠠᠨ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ | ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠤᠯᠤᠰ ᠣᠷᠣᠨ ᠤ ᠦᠵᠡᠯᠲᠡ ᠪᠠ ᠰᠣᠶᠣᠯ ᠤᠨ | ᠦᠵᠡᠯᠲᠡ ᠲᠠᠢ ᠪᠣᠯᠭᠠᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠ ᠦᠨᠳᠦᠰᠦᠲᠡᠨ ᠤ | ᠣᠮᠣᠭᠰᠢᠯᠲᠤ ᠰᠡᠳᠬᠢᠯᠭᠡ ᠶᠢ ᠬᠥᠭᠵᠢᠭᠡᠨ᠎ᠡ᠃ ︵ᠦᠴᠦᠸᠠᠨ ᠤ ᠬᠠᠮ ᠵᠠᠭᠤᠴᠢᠯᠠᠭᠤᠷ ᠤᠨ ᠲᠥᠪ᠄ ᠵᠠᠩ ᠸᠧᠨ ᠴᠢᠩ | ᠶᠠᠩ ᠵᠢᠶᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |