3 ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ | 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ | ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠤᠭ᠎ᠠ | ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ | ᠬᠡᠷᠡᠭ ᠤᠨ ᠵᠢᠱᠢᠶ᠎ᠡ ᠶᠢ ᠰᠡᠷᠡᠮᠵᠢᠯᠡᠭᠦᠯᠬᠦ ᠬᠥᠮᠦᠵᠢᠯ ᠢ ᠤᠯᠠᠮᠵᠢᠯᠠᠨ ᠰᠤᠷᠤᠯᠴᠠᠪᠠ︔ ᠪᠥᠬᠦ ᠰᠢᠶᠠᠨ ᠤ ᠨᠢᠭᠡᠳᠦᠭᠡᠷ | ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠵᠢᠱᠢᠯᠲᠡ ᠪᠠᠷ ᠪᠡᠶᠡᠯᠡᠭᠦᠯᠦᠭᠰᠡᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠪᠠ︔ ︽ᠦᠴᠦᠸᠠᠨ ᠰᠢᠶᠠᠨ ᠤ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠲᠤᠰᠬᠠᠢ ᠳᠡᠭᠡᠭᠰᠢᠯᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃ ᠰᠢᠶᠠᠨ ᠤ | ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠡᠷᠭᠢᠯᠡᠪᠡ᠃ | ᠬᠤᠷᠠᠯ ᠠᠴᠠ᠂ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠲᠤᠭ᠎ᠠ ᠪᠦᠷᠢᠳᠬᠡᠯ ᠤᠨ | ᠠᠵᠢᠯᠯᠠᠭ᠎ᠠ ᠶᠢ ᠥᠷᠨᠢᠭᠦᠯᠵᠦ᠂ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠯᠡᠬᠦ᠂ ᠳᠡᠭᠡᠭᠰᠢ | ᠮᠡᠳᠡᠭᠦᠯᠬᠦ ᠵᠡᠷᠭᠡ ᠡᠯ᠎ᠡ ᠭᠤᠭᠴᠤᠭ᠎ᠠ ᠳᠤ ᠴᠥᠮ ᠬᠠᠤᠯᠢ ᠲᠣᠭᠲᠠᠭᠠᠯ ᠶᠣᠰᠣᠭᠠᠷ ᠬᠢᠬᠦ ᠶᠢ ᠦᠨᠡᠨᠬᠦ ᠪᠠᠲᠤᠯᠠᠬᠤ | ᠬᠡᠷᠡᠭᠲᠡᠢ᠃ ᠲᠤᠭ᠎ᠠ ᠪᠦᠷᠢᠳᠬᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠦᠷᠢᠨᠰᠢᠭᠦᠯᠦᠨ᠂ | ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠠᠷᠭ᠎ᠠ ᠶᠢ ᠰᠠᠶᠢᠵᠢᠷᠠᠭᠤᠯᠤᠨ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠢᠳᠡᠪᠬᠢᠲᠡᠢ | ᠬᠡᠷᠡᠭᠯᠡᠵᠦ᠂ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ | ᠳᠤᠲᠠᠭᠤᠳᠠᠯ ᠢᠶᠠᠨ ᠨᠥᠬᠦᠪᠦᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ | ᠠᠬᠢᠴᠠ ᠶᠢ ᠲᠦᠷᠭᠡᠳᠬᠡᠨ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠲᠦᠷᠦᠯ | ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ | ᠡᠷᠲᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ | ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠶᠠᠨ ᠤ ᠬᠡᠪᠴᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠣᠳᠠᠲᠠᠢ ᠬᠠᠷᠠᠯᠲᠠ ᠬᠢᠭᠡᠳ ᠬᠡᠮᠵᠢᠶᠡᠵᠢᠭᠦᠯᠦᠭᠰᠡᠨ | ᠭᠦᠢᠴᠡᠳᠬᠡᠯ ᠲᠤᠭ᠎ᠠ ᠶᠢ ᠲᠣᠭᠲᠠᠭᠠᠵᠤ᠂ ᠠᠵᠢᠯ ᠨᠢᠭᠡᠪᠦᠷᠢ ᠶᠢ ᠴᠥᠮ ᠲᠣᠳᠣᠷᠬᠠᠢ ᠬᠡᠮᠵᠢᠬᠦ ᠪᠠᠷᠢᠮᠵᠢᠶ᠎ᠠ ᠲᠠᠢ ᠪᠣᠯᠭᠠᠵᠤ᠂ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠢ ᠠᠵᠢᠯ ᠤᠨ ᠪᠠᠶᠢᠷᠢ | ᠪᠣᠯᠣᠨ ᠬᠠᠷᠢᠭᠤᠴᠠᠯᠭᠠᠲᠠᠨ ᠳᠤ ᠬᠦᠷᠲᠡᠯ᠎ᠡ ᠨᠠᠷᠢᠯᠢᠭᠵᠢᠭᠤᠯᠵᠤ᠂ ︽ᠬᠥᠨᠳᠡᠯᠡᠨ ᠢᠶᠠᠷ ᠵᠠᠬ᠎ᠠ ᠬᠢᠵᠠᠭᠠᠷ ᠬᠦᠷᠬᠦ᠂ | ᠭᠤᠯᠳᠤ ᠪᠠᠷ ᠡᠴᠦᠰ ᠲᠤᠨᠢ ᠲᠤᠯᠬᠤ︾ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠬᠠᠷᠢᠯᠴᠠᠨ ᠲᠦᠯᠬᠢᠯᠴᠡᠬᠦ ᠶᠢ | ᠲᠠᠰᠤ ᠬᠤᠷᠢᠭᠯᠠᠵᠤ᠂ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠨᠠᠷᠢᠨ ᠵᠦᠢᠯᠡᠰ ᠤᠨ | ᠬᠠᠮᠢᠶᠠᠷᠤᠯᠲᠠ ᠶᠢ ᠴᠢᠬᠤᠯᠠᠴᠢᠯᠠᠵᠤ᠂ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠ ᠶᠢᠨ | ᠶᠠᠪᠤᠳᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠵᠡᠷᠭᠡ | ᠡᠯ᠎ᠡ ᠲᠠᠯ᠎ᠠ ᠠᠴᠠ ᠭᠠᠷᠳᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠨᠠᠷᠢᠨ ᠵᠦᠢᠯᠡᠰ ᠢ ᠰᠢᠯᠢᠳᠡᠭᠵᠢᠭᠦᠯᠬᠦ ᠪᠠᠷ | ᠬᠤᠳᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠤᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠵᠤ᠂ ᠠᠵᠢᠯ ᠤᠨ ᠦᠷ᠎ᠡ | ᠪᠦᠲᠦᠭᠡᠯ ᠢᠶᠠᠨ ᠳᠡᠯᠭᠡᠨ ᠦᠵᠡᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ | ᠣᠷᠣᠯᠴᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠣᠲᠣ ᠶᠢᠨ ᠬᠠᠮᠢᠶᠠᠷᠤᠯᠲᠠ ᠶᠢᠨ | ᠵᠠᠭᠪᠤᠷ ᠤᠨ ᠰᠠᠭᠤᠷᠢᠨ ᠳᠡᠭᠡᠷ᠎ᠡ᠂ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ | ᠪᠠᠶᠢᠩᠭᠤ ᠶᠢᠨ ᠬᠢᠨᠠᠯᠲᠠ ᠲᠠᠯᠪᠢᠬᠤ᠂ ᠰᠢᠯᠭᠠᠨ ᠬᠢᠨᠠᠬᠤ᠂ ᠦᠨᠡᠯᠡᠨ ᠵᠢᠱᠢᠬᠦ ᠲᠣᠭᠲᠠᠴᠠ ᠶᠢ ᠪᠣᠶ ᠪᠣᠯᠭᠠᠵᠤ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |