3 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠬᠠᠳᠠ | ᠬᠤᠷᠠᠯ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠮᠠᠨ ᠤ ᠰᠢᠶᠠᠨ ᠤ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠴᠡᠪᠡᠷ ᠡᠨᠧᠷᠭᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠥᠨᠳᠦᠷᠯᠢᠭ ᠤᠨ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠰᠣᠶᠣᠯ ᠵᠢᠭᠤᠯᠴᠢᠯᠠᠯ ᠵᠡᠷᠭᠡ ᠠᠵᠤ | ᠦᠢᠯᠡᠰ ᠢ ᠭᠤᠣᠯᠳᠠᠯᠭ᠎ᠠ ᠲᠠᠢ ᠬᠥᠭᠵᠢᠭᠦᠯᠦᠨ ᠪᠤᠵᠠᠭᠠᠶᠢᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠬᠥᠭᠵᠢᠯᠲᠡ ᠶᠢᠨ ᠬᠥᠳᠡᠯᠭᠡᠬᠦ | ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠤ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ | ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠬᠥᠳᠡᠭᠡ ᠲᠣᠰᠬᠤᠨ ᠬᠤᠭᠤᠰᠤᠨ ᠲᠣᠰᠬᠤᠨ ᠢ ᠴᠡᠭᠴᠡᠯᠡᠨ | ᠵᠠᠰᠠᠬᠤ ᠠᠵᠢᠯ ᠢ ᠠᠬᠢᠭᠤᠯᠵᠤ᠂ ᠬᠥᠬᠡ ᠡᠷᠭᠢ ᠪᠠᠯᠭᠠᠰᠤ ᠶᠢᠨ ᠬᠤᠳᠠ ᠶᠢᠨ ᠲᠣᠭᠤᠷᠢᠭ ᠤᠨ ᠪᠠᠶᠢᠰᠢᠩ ᠭᠡᠷ ᠤᠨ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠣᠷᠴᠢᠨ ᠲᠣᠭᠤᠷᠢᠨ ᠪᠣᠯᠣᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ | ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤᠮᠳᠠ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠣᠷᠣᠨ ᠤ | ᠲᠥᠪ ᠬᠤᠲᠠ ᠶᠢᠨ ︽ᠨᠢᠭᠡ ᠬᠤᠩᠭᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠠᠶᠢᠭᠤᠯᠬᠤ ᠶᠢᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ | ᠠᠮᠢ ᠠᠬᠤᠢ ᠶᠢᠨ ᠬᠦᠷᠢᠶᠡᠯᠡᠩ᠂ ᠨᠠᠭᠤᠷ ᠤᠨ ᠨᠢᠷᠤᠭᠤ ᠶᠢᠨ ᠦᠵᠡᠮᠵᠢ ᠶᠢᠨ ᠣᠷᠣᠨ ᠵᠡᠷᠭᠡ ᠭᠤᠣᠯᠳᠠᠯᠭ᠎ᠠ ᠲᠠᠢ | ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ | ᠬᠠᠮᠲᠤ ᠠᠰᠢᠭᠯᠠᠯᠲᠠ ᠳᠤ ᠣᠷᠣᠭᠤᠯᠵᠤ᠂ ︽ᠤᠮᠠᠷᠠᠲᠤ ᠬᠢᠯᠢ ᠶᠢᠨ ᠰᠣᠶᠣᠯ︾ ᠢ ᠰᠤᠳᠤᠯᠤᠨ ᠲᠠᠶᠢᠯᠪᠤᠷᠢᠯᠠᠬᠤ ᠪᠠ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠦᠴᠦᠸᠠᠨ ᠦᠨᠡᠬᠡᠷ ᠭᠤᠶᠤ᠂ ᠬᠥᠬᠡᠬᠤᠲᠠ ᠶᠢᠨ ᠠᠷᠤ ᠳᠤ ᠪᠣᠶ︾ | ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠬᠠᠩᠭᠢᠨᠠᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠤ ᠠᠵᠢᠯ ᠢ ᠰᠠᠶᠢᠲᠤᠷ ᠬᠢᠬᠦ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠪᠦᠬᠦ ᠰᠢᠶᠠᠨ ᠤ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠠᠵᠢᠯ ᠤᠨ | ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ | ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠶᠢᠨ | ᠦᠷ᠎ᠡ ᠪᠦᠲᠦᠭᠡᠯ ᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠠᠵᠢᠯ ᠬᠢᠵᠦ ᠦᠢᠯᠡᠰ | ᠪᠣᠰᠬᠠᠬᠤ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ︽ᠦᠴᠦᠸᠠᠨ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠥᠯ︾ ᠢ ᠬᠢᠨᠠᠨ ᠵᠥᠪᠯᠡᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ ᠨᠡᠶᠢᠳᠬᠡᠬᠦ ᠶᠢ ᠢᠳᠡᠪᠬᠢᠲᠡᠢ | ᠠᠬᠢᠭᠤᠯᠵᠤ᠂ ᠴᠢᠰᠤ ᠪᠦᠲᠦᠭᠡᠬᠦ ᠴᠢᠳᠠᠪᠤᠷᠢ ᠪᠠᠨ ᠴᠢᠩᠭᠠᠳᠬᠠᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢ ᠲᠠᠰᠤᠷᠠᠯᠲᠠ | ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠦᠴᠦᠸᠠᠨ ᠤ ᠬᠠᠮ ᠵᠠᠭᠤᠴᠢᠯᠠᠭᠤᠷ᠄ ᠵᠤᠤ ᠯᠢᠩ | ᠾᠦᠢ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |