—— 2025 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠬᠥᠬᠡᠬᠤᠲᠠ ᠶᠢᠨ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ | ᠳᠡᠭᠡᠷ᠎ᠡ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠾᠧ ᠬᠠᠢ ᠳ᠋ᠦᠩ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | 2024 ᠣᠨ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠬᠠᠮᠤᠭ ᠤᠨ | ᠰᠠᠶᠢᠬᠠᠨ ᠭᠠᠵᠠᠷ︾ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠬᠤ ᠶᠢ | ᠠᠬᠢᠭᠤᠯᠪᠠ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ | ᠬᠤᠭᠤᠴᠠᠭᠠᠨ ᠤ ᠬᠢ ᠠᠴᠠ 6% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 8% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 18% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠲᠤᠭ᠎ᠠ 5% ᠠᠴᠠ ᠳᠡᠭᠡᠭᠰᠢ ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ 7% ᠠᠴᠠ ᠳᠡᠭᠡᠭᠰᠢ ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 5% ᠠᠴᠠ ᠳᠡᠭᠡᠭᠰᠢ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠢ ᠲᠤᠭ᠎ᠠ 14% ᠠᠴᠠ ᠳᠡᠭᠡᠭᠰᠢ ᠨᠡᠮᠡᠭᠳᠡᠵᠦ᠂ ᠭᠤᠣᠯ ᠭᠦᠢᠴᠡᠳᠬᠡᠯ ᠲᠤᠭ᠎ᠠ ᠶᠢᠨ | ᠨᠡᠮᠡᠭᠳᠡᠯ ᠤᠨ ᠬᠤᠷᠳᠤᠴᠠ ᠮᠤᠵᠢ ᠶᠢᠨ ᠲᠥᠪ ᠬᠤᠲᠠ ᠳᠣᠲᠣᠷ᠎ᠠ ᠦᠷᠭᠦᠯᠵᠢᠯᠡᠨ ᠨᠢᠭᠡᠳᠦᠭᠡᠷ ᠵᠢᠭᠰᠠᠭᠠᠯ ᠤᠨ | ᠪᠠᠶᠢᠷᠢ ᠪᠠᠨ ᠪᠠᠲᠤᠯᠠᠵᠤ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠴᠢᠳᠠᠪᠤᠷᠢ ᠶᠢᠨ ᠳᠡᠰ ᠦᠷᠭᠦᠯᠵᠢᠯᠡᠨ | ᠳᠡᠭᠡᠭᠰᠢᠯᠡᠪᠡ᠃ | ︵ᠨᠢᠭᠡ︶ ᠳᠠᠪᠠᠭᠤᠯᠢᠭ ᠠᠵᠤ ᠦᠢᠯᠡᠰ ᠤᠨ ᠲᠤᠭ᠎ᠠ ᠬᠡᠮᠵᠢᠶ᠎ᠡ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ | ᠪᠥᠭᠡᠮᠨᠡᠷᠡᠯ ᠤᠨ ᠶᠠᠰᠤ ᠴᠢᠨᠠᠷ ᠳᠡᠭᠡᠭᠰᠢᠯᠡᠨ ᠳᠠᠪᠰᠢᠵᠦ᠂ ᠢᠯᠢ ᠶᠢᠨ ᠪᠢᠰᠢᠯᠠᠭ ᠤᠨ ᠬᠤᠶᠠᠳᠤᠭᠠᠷ ᠬᠤᠭᠤᠴᠠᠭ᠎ᠠ ᠶᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠳᠡᠭᠡᠳᠦ ᠲᠠᠰ ᠤᠨ ᠰᠢᠷᠠᠰᠤᠨ ᠲᠠᠯᠬ᠎ᠠ ᠶᠢᠨ ᠣᠶᠤᠨᠴᠢ | ᠬᠢᠮᠢ ᠶᠢᠨ ᠦᠢᠯᠡᠳᠪᠦᠷᠢ ᠶᠢ ᠡᠬᠢᠯᠡᠨ ᠪᠠᠶᠢᠭᠤᠯᠪᠠ᠃ ᠮᠧᠩ ᠨᠢᠦ ᠨᠢᠯᠬ᠎ᠠ ᠬᠡᠦᠬᠡᠳ ᠤᠨ ᠣᠨᠴᠠᠭᠠᠶ ᠠᠨᠠᠭᠠᠬᠤ | ᠤᠬᠠᠭᠠᠨ ᠤ ᠰᠢᠮ᠎ᠡ ᠲᠡᠵᠢᠭᠡᠯ ᠤᠨ ᠪᠦᠲᠦᠭᠡᠭᠳᠡᠬᠦᠨ ᠤ ᠲᠥᠷᠥᠯ ᠵᠦᠢᠯ ᠤᠳᠠᠯ ᠥᠬᠡᠶ ᠠᠰᠢᠭᠯᠠᠯᠲᠠ ᠳᠤ ᠣᠷᠣᠨ᠎ᠠ᠃ | ᠵᠧᠩ ᠱᠢ ᠲᠠᠷᠢᠶᠠᠯᠠᠩ᠂ ᠣᠲᠣ ᠦᠶ᠎ᠡ ᠶᠢᠨ ᠡᠪᠡᠰᠦᠨ ᠤ ᠦᠢᠯᠡᠰ ᠵᠡᠷᠭᠡ ᠲᠡᠵᠢᠭᠡᠯ ᠡᠪᠡᠰᠦᠨ ᠤ ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠡᠵᠡᠩᠨᠡᠯᠲᠡ ᠳᠤ ᠤᠷᠤᠭᠤᠯᠪᠠ᠃ ᠣᠯᠠᠨ ᠤᠯᠤᠰ ᠤᠨ ᠰᠦ ᠶᠢᠨ ᠦᠢᠯᠡᠰ ᠤᠨ ᠨᠠᠷᠠᠲᠤ | ᠲᠥᠷᠥᠯ ᠲᠡᠮᠳᠡᠭᠲᠦ ᠶᠢᠨ ᠲᠥᠪ ᠪᠠᠶᠢᠭᠤᠯᠤᠭᠳᠠᠨ ᠫᠠᠶᠢᠰᠠ ᠡᠯᠭᠦᠪᠡ᠃ ᠣᠯᠠᠨ ᠤᠯᠤᠰ ᠤᠨ ᠡᠪᠡᠰᠦᠨ ᠤ | ᠦᠢᠯᠡᠰ ᠤᠨ ᠶᠡᠭᠡ ᠬᠤᠷᠠᠯ᠂ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ ᠢ | ᠠᠮᠵᠢᠯᠲᠠ ᠲᠠᠢ ᠡᠷᠭᠢᠯᠡᠪᠡ᠃ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ | ᠦᠰᠦᠷᠦᠯᠲᠡ ᠶᠢᠨ ᠮᠠᠶ᠋ᠢᠭ ᠤᠨ ᠬᠥᠭᠵᠢᠯᠲᠡ ᠲᠠᠢ ᠪᠣᠯᠵᠤ᠂ ᠪᠣᠳᠣᠯᠭ᠎ᠠ ᠶᠢᠨ ᠬᠦᠴᠦᠨ ᠤ ᠬᠡᠪᠴᠢᠶ᠎ᠡ 4.4 ᠲᠦᠮᠡᠨ | P ᠬᠦᠷᠴᠦ᠂ ᠡᠭᠦᠨ ᠳᠤ ᠣᠶᠤᠨᠴᠢ ᠪᠣᠳᠣᠯᠭ᠎ᠠ 4.2 ᠲᠦᠮᠡᠨ P ᠬᠦᠷᠴᠦ᠂ ᠪᠥᠬᠦ ᠤᠯᠤᠰ ᠤᠨ ᠡᠮᠦᠨ᠎ᠡ | ᠡᠩᠨᠡᠭᠡᠨ ᠳᠤ ᠣᠷᠣᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠣᠶᠤᠨᠴᠢ ᠪᠣᠳᠣᠯᠭ᠎ᠠ ᠶᠢᠨ ᠲᠥᠪ᠂ | ᠬᠤᠸᠠ ᠸᠧᠶ ᠡᠭᠦᠯᠡᠨ ᠤ ᠬᠤᠷᠢᠨᠭᠡᠷ ᠲᠤᠭ᠎ᠠ ᠪᠠᠷᠢᠮᠲᠠ ᠶᠢᠨ ᠲᠥᠪ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ | ᠠᠷᠠᠯᠵᠢᠶᠠᠨ ᠤ ᠲᠥᠪ᠂ ︽P4︾ ᠲᠠᠰ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠲᠤᠷᠰᠢᠯᠲᠠ ᠶᠢᠨ ᠲᠠᠰᠤᠭ | ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠴᠧᠩ ᠮᠠᠢ ᠰᠢᠨ ᠴᠤᠸᠠᠩ | ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠪᠠ᠃ ᠲᠠᠷᠢᠶᠠᠯᠠᠩ ᠤᠨ | ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ ᠵᠡᠷᠭᠡ ᠨᠢᠭᠡ ᠪᠦᠯᠦᠭ ᠲᠤᠭ᠎ᠠ | ᠪᠠᠷᠢᠮᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ ᠴᠠᠬᠢᠯᠭᠠᠨ | ᠬᠤᠯᠪᠣᠭ᠎ᠠ ᠶᠢᠨ ᠭᠤᠷᠪᠠᠳᠤᠭᠠᠷ ᠬᠤᠭᠤᠴᠠᠭ᠎ᠠ᠂ ᠵᠡᠷᠭᠡᠴᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠳᠤᠭᠠᠷ | ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠰᠢᠶᠦ᠋ᠨ ᠹᠧᠢ ᠰᠢᠩ | ᠾᠥᠸᠧ᠂ ᠰᠢᠯᠵᠢᠮᠡᠯ ᠬᠤᠯᠪᠣᠭ᠎ᠠ ᠵᠢᠦ ᠲᠢᠶᠠᠨ ᠵᠡᠷᠭᠡ 11 ᠨᠡᠶᠢᠳᠡᠮ ᠬᠡᠷᠡᠭᠯᠡᠭᠡᠨ ᠤ ᠲᠣᠮᠣ ᠵᠠᠭᠪᠤᠷ ᠤᠨ | ᠪᠣᠯᠪᠠᠰᠤᠷᠠᠯ ᠤᠨ ᠲᠠᠯᠠᠪᠠᠶ ᠶᠢ ᠤᠷᠤᠭᠰᠢᠲᠠᠶ ᠨᠠᠶᠢᠳᠠᠪᠤᠷᠢᠵᠢᠭᠤᠯᠪᠠ᠃ ᠬᠥᠬᠡᠬᠤᠲᠠ— ᠪᠡᠭᠡᠵᠢᠩ᠂ ᠬᠥᠬᠡᠬᠤᠲᠠ — | ᠾᠧᠹᠧᠢ ᠬᠦᠷᠬᠦ ᠬᠤᠶᠠᠷ 400G ᠪᠦᠷᠢᠨ ᠬᠡᠷᠡᠯ ᠰᠢᠷᠬᠡᠭ ᠤᠨ ᠮᠤᠵᠢ ᠶᠢᠨ ᠲᠡᠰ ᠤᠨ ᠭᠤᠣᠯᠯᠠᠬᠤ ᠲᠣᠣᠷ ᠢ | ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠣᠭᠠᠴᠢᠯᠠᠭᠰᠠᠨ ᠠᠵᠤ ᠦᠢᠯᠡᠰ ᠤᠨ | ᠬᠦᠷᠢᠶᠡᠯᠡᠩ ᠢᠶᠠᠷ ᠵᠥᠪᠰᠢᠶᠡᠷᠡᠭᠳᠡᠪᠡ᠃ ᠳᠤᠮᠳᠠᠳᠤ ᠤᠯᠤᠰ ᠤᠨ ︽ᠪᠣᠳᠣᠯᠭ᠎ᠠ ᠶᠢᠨ ᠠᠵᠤ ᠦᠢᠯᠡᠰ︾ ᠤᠨ | ᠪᠥᠭᠡᠮᠨᠡᠷᠡᠯ ᠤᠨ ᠬᠤᠰᠢᠭᠤᠴᠢ᠂ ︽ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ︾ ᠤ ᠬᠥᠭᠵᠢᠯᠲᠡ ᠶᠢᠨ | ᠬᠤᠰᠢᠭᠤᠴᠢ ᠵᠡᠷᠭᠡ 2 ᠵᠦᠢᠯ ᠤᠨ ᠢᠷᠠᠭᠤ ᠠᠯᠳᠠᠷ ᠢ ᠭᠥᠷᠳᠡᠪᠡ᠃ 2024 ᠳᠤᠮᠳᠠᠳᠤ ᠤᠯᠤᠰ ᠤᠨ ᠪᠣᠬᠢᠷᠳᠤᠯ | ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ︽ᠳᠤᠮᠳᠠᠳᠤ ᠤᠯᠤᠰ ᠤᠨ | ᠡᠭᠦᠯᠡᠨ ᠬᠥᠨᠳᠡᠶ︾ ᠶᠢᠨ ᠴᠣᠯᠠ ᠶᠢ ᠭᠥᠷᠳᠡᠪᠡ᠃ ᠰᠢᠨ᠎ᠡ ᠮᠠᠲ᠋ᠧᠷᠢᠶᠠᠯ ᠪᠣᠯᠤᠨ ᠤᠳᠤ ᠦᠶ᠎ᠡ ᠶᠢᠨ ᠲᠣᠨᠣᠭᠯᠠᠯ | ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠦᠬᠦ ᠬᠡᠯᠬᠢᠶ᠎ᠡ ᠪᠠᠷ ᠠᠬᠢᠭᠤᠯᠵᠤ᠂ ᠱᠤᠸᠠᠩ ᠵᠢᠶᠧ ᠨᠢᠭᠡᠳᠦᠭᠡᠷ | ᠬᠤᠭᠤᠴᠠᠭ᠎ᠠ᠂ ᠰᠠᠢ ᠱᠧᠩ ᠨᠡᠭᠦᠷᠡᠰᠦᠳᠦᠷᠦᠭᠴᠢᠲᠦ ᠴᠠᠬᠢᠭᠤᠷ ᠤᠨ ᠨᠢᠭᠡᠳᠦᠭᠡᠷ ᠬᠤᠭᠤᠴᠠᠭ᠎ᠠ᠂ ᠰᠢᠨ ᠬᠤᠸᠠ | ᠬᠠᠭᠠᠰ ᠳᠠᠮᠵᠢᠭᠤᠯᠤᠭᠴᠢ ᠲᠡᠰ ᠤᠨ ᠤᠯᠠᠨ ᠲᠠᠯᠠᠰᠲᠤ ᠴᠠᠬᠢᠭᠤᠷ᠂ ᠳᠤᠮᠳᠠᠳᠤ ᠤᠯᠤᠰ ᠤᠨ ᠯᠢᠲ᠋ᠢ ᠶᠢᠨ | ᠭᠤᠷᠪᠠᠳᠤᠭᠠᠷ ᠬᠤᠭᠤᠴᠠᠭ᠎ᠠ᠂ ᠱᠧᠩ ᠹᠠᠨ ᠳᠥᠷᠪᠡᠳᠦᠭᠡᠷ ᠬᠤᠭᠤᠴᠠᠭ᠎ᠠ᠂ ᠸᠠᠨ ᠪᠠᠩ ᠵᠠᠮ ᠬᠠᠷᠢᠯᠴᠠᠭᠠᠨ ᠤ | ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠪᠠ᠃ ᠲᠢᠶᠠᠨ ᠬᠤᠤ 60 ᠲᠦᠮᠡᠨ ᠲᠣᠨ ᠳᠡᠭᠡᠳᠦ ᠴᠢᠳᠠᠪᠬᠢᠲᠤ ᠰᠢᠯ ᠰᠢᠷᠬᠡᠭ ᠤᠨ | ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ ᠴᠡᠪᠡᠷ ᠡᠨᠧᠷᠭᠢ ᠶᠢᠨ ᠠᠵᠤ | ᠦᠢᠯᠡᠰ ᠤᠨ ᠪᠥᠭᠡᠮᠨᠡᠷᠡᠯ ᠵᠢᠱᠢᠶ᠎ᠡ ᠦᠵᠡᠭᠦᠯᠦᠨ ᠰᠢᠨ᠎ᠡ ᠵᠠᠮ ᠢᠶᠠᠷ ᠵᠠᠮᠨᠠᠵᠤ᠂ ᠮᠧᠩ ᠰᠢ ᠶᠢᠨ ᠲᠣᠭᠲᠠᠬᠤ ᠶᠢᠨ | ᠴᠠᠬᠢᠯᠭᠠᠨ ᠦᠢᠯᠡᠳᠪᠦᠷᠢ ᠠᠴᠠ ᠭᠠᠳᠠᠭᠰᠢ ᠪᠠᠨ 200 ᠲᠦᠮᠡᠨ ᠺᠢᠯᠣᠸᠠᠲ ᠰᠢᠨ᠎ᠡ ᠡᠨᠧᠷᠭᠢ ᠬᠠᠩᠭᠠᠬᠤ᠂ | ᠬᠥᠬᠡᠬᠤᠲᠠ ᠢᠯᠴᠢ ᠶᠢᠨ ᠴᠠᠬᠢᠯᠭᠠᠨ ᠤ ᠰᠢᠨ᠎ᠡ ᠡᠨᠧᠷᠭᠢ ᠶᠢ ᠰᠢᠩᠭᠡᠭᠡᠬᠦ ᠵᠡᠷᠭᠡ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠪᠠ᠃ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠤ ᠴᠠᠬᠢᠯᠭᠠᠨ ᠢ ᠳᠠᠬᠢᠯᠲᠠ | ᠡᠨᠧᠷᠭᠢ ᠪᠠᠷ ᠣᠷᠣᠯᠠᠭᠤᠯᠬᠤ᠂ ᠬᠤᠷᠢᠨᠭᠡᠷ ᠰᠢᠨ᠎ᠡ ᠲᠣᠭᠤᠷᠢᠭ ᠤᠨ ᠨᠣᠭᠤᠭᠠᠨ ᠡᠨᠧᠷᠭᠢ ᠶᠢᠨ ᠬᠠᠩᠭᠠᠯᠭ᠎ᠠ ᠶᠢᠨ | ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ 500 | ᠺᠢᠯᠣᠸᠠᠲ ᠤᠨ ︽ᠤᠷᠤᠨ ᠤ ᠲᠥᠪ ᠬᠤᠲᠠ ᠶᠢ ᠲᠣᠭᠤᠷᠢᠭᠰᠠᠨ︾ ᠴᠠᠬᠢᠯᠭᠠᠨ ᠲᠣᠣᠷ ᠤᠨ ᠰᠢᠰᠲ᠋ᠧᠮᠵᠢ ᠶᠢ | ᠲᠦᠷᠭᠡᠳᠬᠡᠨ ᠪᠦᠷᠢᠯᠳᠦᠭᠦᠯᠪᠡ᠃ ᠨᠣᠭᠤᠭᠠᠨ ᠴᠠᠬᠢᠯᠭᠠᠨ ᠨᠣᠭᠤᠭᠠᠨ ᠦᠨᠡᠮᠯᠡᠯ ᠤᠨ ᠠᠷᠠᠯᠵᠢᠶᠠᠨ ᠤ ᠦᠢᠯᠡᠴᠢᠯᠡᠭᠡᠨ ᠤ | ᠪᠠᠶᠢᠭᠤᠯᠤᠮᠵᠢ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠪᠥᠭᠡᠮᠨᠡᠷᠡᠯ ᠤᠨ ᠤᠯᠠᠨ ᠬᠦᠷᠢᠶ᠎ᠡ ᠴᠠᠷᠠᠭ᠎ᠠ ᠳᠤ ᠰᠢᠨ᠎ᠡ ᠶᠢ ᠡᠭᠦᠳᠬᠦ ᠳᠤ ᠰᠢᠪᠲᠤᠯᠤᠯᠲᠠ ᠭᠠᠷᠭᠠᠵᠤ᠂ | ᠺᠧ ᠲᠦᠸᠧ ᠠᠮᠢᠲᠠᠨ ᠤᠷᠭᠤᠮᠠᠯ ᠤᠨ ᠪᠢᠴᠢᠯ ᠠᠮᠢ ᠠᠬᠤᠢ ᠶᠢᠨ ᠡᠮ ᠦᠢᠯᠡᠳᠬᠦ ᠰᠠᠭᠤᠷᠢᠨ ᠭᠠᠵᠠᠷ᠂ ᠢ ᠳ᠋ᠥᠸᠧ | ᠯᠢ ᠠᠮᠢᠳᠤ ᠪᠣᠳᠠᠰ ᠤᠨ ᠢᠰᠬᠡᠭᠦᠷ᠂ ᠶᠢᠨ ᠾᠧ ᠶᠢᠤ ᠪᠧᠨ ᠠᠮᠢᠲᠠᠨ ᠤ ᠸᠠᠺᠼᠢᠨ᠂ ᠴᠠᠩ ᠱᠸᠤ ᠡᠮ ᠤᠨ ᠦᠢᠯᠡᠰ | ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ︔ ᠶᠢᠨ ᠢᠦᠶ ᠠᠮᠢᠳᠤ | ᠪᠣᠳᠠᠰ ᠤᠨ mRNA ᠸᠠᠺᠼᠢᠨ ᠵᠢᠴᠢ ᠪᠥᠭᠡᠮ ᠬᠦᠴᠢᠯ ᠤᠨ ᠡᠮ ᠤᠨ ᠵᠦᠢᠯ ᠤᠨ ᠣᠶᠣᠨᠴᠢ ᠦᠢᠯᠡᠳᠬᠡᠯ ᠤᠨ | ᠲᠥᠷᠥᠯ ᠵᠦᠢᠯ ᠳᠤᠮᠳᠠᠬᠢ ᠲᠤᠷᠰᠢᠯᠲᠠ ᠶᠢᠨ ᠱᠠᠲᠤᠨ ᠳᠤ ᠣᠷᠣᠪᠠ᠃ ᠴᠠᠩ ᠱᠧᠩ ᠡᠮ ᠤᠨ ᠳ᠋ᠧᠩ ᠲᠠ | ᠦᠢᠯᠡᠳᠪᠦᠷᠢ᠂ ᠱᠤᠸᠠᠩ ᠴᠢ ᠡᠮ ᠤᠨ ᠦᠢᠯᠡᠰ ᠤᠨ ᠣᠶᠤᠨᠴᠢ ᠦᠢᠯᠡᠳᠬᠡᠯ ᠤᠨ ᠠᠵᠤ ᠦᠢᠯᠡᠰ ᠤᠨ | ᠬᠦᠷᠢᠶᠡᠯᠡᠩ ᠤᠨ ᠭᠤᠤᠯ ᠴᠣᠭᠴᠠ ᠶᠢᠨ ᠠᠵᠢᠯ ᠳᠠᠭᠤᠰᠪᠠ᠃ ᠣᠯᠠᠨ ᠤᠯᠤᠰ ᠤᠨ ᠠᠮᠢᠲᠠᠨ ᠤ ᠸᠠᠺᠼᠢᠨ ᠤ | ᠰᠢᠨ᠎ᠡ ᠶᠢ ᠡᠭᠦᠳᠬᠦ ᠶᠡᠭᠡ ᠬᠤᠷᠠᠯ ᠢ ᠠᠮᠵᠢᠯᠲᠠ ᠲᠠᠢ ᠡᠷᠬᠢᠯᠡᠪᠡ᠃ ᠣᠳᠣ ᠦᠶ᠎ᠡ ᠶᠢᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠲᠥᠪᠯᠡᠷᠡᠨ ᠲᠥᠯᠥᠪᠰᠢᠵᠦ᠂ ᠰᠢᠤᠢ ᠶᠠᠩ ᠤᠨ 30 ᠲᠦᠮᠡᠨ | ᠲᠣᠨ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ | ᠠᠵᠤ ᠦᠢᠯᠡᠳᠪᠦᠷᠢ ᠶᠢᠨ ᠵᠢᠯ ᠳᠤ 5 ᠲᠦᠮᠡᠨ ᠲᠣᠨ ᠫᠷᠣᠫᠠ ᠠᠯᠺᠠᠨ ᠤ ᠤᠰᠤᠲᠥ᠋ᠷᠥᠭᠴᠢ ᠦᠭᠡᠶᠢᠳᠡᠭᠦᠯᠬᠦ᠂ ᠮᠧᠩ | ᠯᠢᠶᠠᠨ 30 ᠲᠦᠮᠡᠨ ᠲᠣᠨ ᠰᠢᠩᠭᠡᠵᠢᠭᠦᠯᠦᠭᠰᠡᠨ ᠬᠡᠢ ᠶᠢᠨ ᠴᠢᠳᠠᠪᠤᠷᠢ ᠶᠢ ᠥᠷᠭᠡᠳᠬᠡᠬᠦ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠵᠦᠩ ᠴᠤᠸᠠᠨ ᠣᠨᠴᠠᠭᠠᠢ ᠬᠡᠢ ᠶᠢᠨ ᠺᠣᠮᠫᠠᠨᠢ ᠶᠢᠨ | ᠣᠨᠴᠠ ᠴᠡᠪᠡᠷ ᠡᠯᠧᠺᠲᠷᠣᠨ ᠬᠡᠢ ᠪᠡᠶᠡᠲᠦ ᠶᠢᠨ ᠲᠥᠷᠥᠯ ᠵᠦᠢᠯ ᠤᠳᠠᠯ ᠦᠭᠡᠢ ᠠᠰᠢᠭᠯᠠᠯᠲᠠ ᠳᠤ ᠣᠷᠣᠬᠤ ᠪᠠᠷ | ᠪᠠᠶᠢᠨ᠎ᠠ᠃ ᠳᠣᠣᠷ᠎ᠠ ᠣᠭᠲᠠᠷᠭᠤᠢ ᠶᠢᠨ ᠠᠵᠤ ᠠᠬᠤᠢ ᠡᠬᠢᠯᠡᠨ ᠲᠥᠯᠥᠪᠰᠢᠵᠦ᠂ 28 ᠲᠦᠮᠡᠨ ᠲᠡᠭᠰᠢ ᠳᠥᠷᠪᠡᠯᠵᠢᠨ | ᠺᠢᠯᠣᠮᠧᠲᠷ ᠤᠨ ᠳᠣᠣᠷ᠎ᠠ ᠣᠭᠲᠠᠷᠭᠤᠢ ᠶᠢᠨ ᠲᠤᠷᠰᠢᠨ ᠨᠢᠰᠬᠦ ᠵᠠᠢ ᠵᠥᠪᠰᠢᠶᠡᠷᠡᠭᠳᠡᠪᠡ᠃ ᠠᠭᠠᠷ ᠤᠨ ᠠᠶᠠᠯᠠᠯ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠳᠣᠬᠢᠭᠤᠷ ᠳᠣᠯᠤᠭ᠎ᠠ ᠥᠨᠳᠥᠷ ᠢᠯᠭᠠᠮᠵᠢ ᠶᠢᠨ ᠬᠡᠷᠡᠭᠯᠡᠯᠲᠡ ᠶᠢᠨ ᠠᠵᠤ | ᠦᠢᠯᠡᠰ ᠤᠨ ᠬᠦᠷᠢᠶᠡᠯᠡᠩ᠂ ᠳᠣᠣᠷ᠎ᠠ ᠣᠭᠲᠠᠷᠭᠤᠢ ᠶᠢᠨ ᠲᠣᠨᠣᠭᠯᠠᠯ ᠤᠨ ᠣᠶᠣᠨᠴᠢ ᠦᠢᠯᠡᠳᠬᠡᠯ ᠤᠨ ᠲᠣᠭᠤᠷᠢᠭ | ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠪᠠ᠃ ᠪᠦᠬᠦ ᠤᠯᠤᠰ ᠤᠨ ᠠᠩᠬᠠᠳᠠᠭᠴᠢ ᠪᠦᠯᠦᠭ ᠳᠣᠬᠢᠭᠤᠷ | ᠳᠣᠯᠤᠭ᠎ᠠ ᠶᠢᠨ ᠬᠡᠪᠴᠢᠶᠡᠵᠢᠭᠰᠡᠨ ᠬᠡᠷᠡᠭᠯᠡᠯᠲᠡ ᠶᠢᠨ ᠲᠤᠷᠰᠢᠯᠲᠠ ᠶᠢᠨ ᠬᠤᠲᠠ ᠪᠣᠯᠪᠠ᠃ ᠣᠶᠢᠷ᠎ᠠ ᠶᠢᠨ ᠬᠡᠳᠦᠨ | ᠵᠢᠯ ᠤᠨ ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠡᠮᠵᠢᠨ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ | ᠬᠡᠯᠬᠢᠶᠡᠵᠢᠨ ᠬᠥᠭᠵᠢᠨ᠂ ᠬᠠᠷᠢᠯᠴᠠᠨ ᠤᠶᠠᠯᠳᠤᠵᠤ᠂ ᠦᠢᠯᠡᠳᠬᠦᠨ ᠤ ᠥᠷᠲᠡᠭ ᠨᠢ ᠪᠥᠬᠦ ᠬᠤᠲᠠ ᠶᠢᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 90% ᠶᠢ ᠳᠠᠪᠠᠵᠤ᠂ | ᠣᠷᠣᠨ ᠤ ᠲᠥᠪ ᠬᠤᠲᠠ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠰᠠᠶᠢᠨ ᠬᠠᠨᠳᠤᠰᠢ ᠲᠠᠢ ᠪᠣᠯᠪᠠ᠃ | ︵ᠬᠤᠶᠠᠷ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠥᠭᠡᠮᠨᠡᠷᠡᠨ ᠲᠡᠰ ᠳᠡᠪᠰᠢᠪᠡ᠃ ᠣᠯᠠᠨ | ᠡᠰᠢᠴᠢᠯᠡᠭᠰᠡᠨ ᠬᠡᠷᠡᠭᠯᠡᠭᠡᠨ ᠤ ᠠᠬᠤᠢ ᠲᠠᠰᠤᠷᠠᠯᠲᠠ ᠥᠬᠡᠶ ᠪᠠᠶᠠᠯᠢᠭᠵᠢᠨ᠂ ᠲᠥᠷᠥᠯ ᠲᠡᠮᠳᠡᠭᠲᠦ ᠶᠢᠨ ᠠᠩᠬᠠᠳᠠᠭᠴᠢ | ᠳᠡᠯᠭᠡᠭᠦᠷ᠂ ᠬᠤᠰᠢᠭᠤᠴᠢ ᠳᠡᠯᠭᠡᠭᠦᠷ 32 ᠨᠠᠶᠢᠳᠠᠪᠤᠷᠢᠵᠢᠵᠤ᠂ ︽ᠠᠷᠠᠳ ᠲᠤ ᠲᠥᠬᠦᠮ ᠦᠵᠡᠭᠦᠯᠬᠦ ᠨᠢᠭᠡ | ᠮᠥᠴᠡ ᠶᠢᠨ ᠠᠮᠢᠳᠤᠷᠠᠯ ᠤᠨ ᠲᠣᠭᠤᠷᠢᠭ︾ ᠢ 10 ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠢᠳᠡᠰᠢᠨ | ᠨᠣᠭᠤᠭ᠎ᠠ ᠶᠢᠨ ᠳᠡᠯᠭᠡᠭᠦᠷ ᠢ 60 ᠪᠠᠶᠢᠭᠤᠯᠵᠤ᠂ ᠤᠰᠤᠨ ᠤ ᠡᠷᠭᠢ ᠶᠢᠨ ᠵᠡᠭᠡᠯᠢ᠂ ᠥᠷᠭᠡᠨ ᠭᠤᠳᠤᠮᠵᠢ ᠵᠡᠷᠭᠡ ᠨᠢᠭᠡ | ᠪᠦᠯᠦᠭ ᠤᠨᠴᠠᠯᠢᠬᠳᠤ ᠢᠳᠡᠭᠡᠨ ᠤᠮᠳᠠᠭᠠᠨ ᠢ ᠲᠥᠪᠯᠡᠷᠡᠭᠦᠯᠦᠭᠰᠡᠨ ᠵᠡᠭᠡᠯᠢ ᠲᠣᠭᠤᠷᠢᠭ ᠢ ᠪᠣᠶ ᠪᠣᠯᠭᠠᠵᠤ᠂ ᠵᠦᠩ | ᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ︽ᠤᠨᠴᠠᠯᠢᠬᠳᠤ | ᠬᠤᠳᠠᠯᠳᠤᠭᠠᠨ ᠤ ᠲᠥᠪᠯᠡᠷᠡᠯ ᠤᠨ ᠲᠣᠭᠤᠷᠢᠭ︾ ᠢᠶᠠᠷ ᠦᠨᠡᠯᠡᠭᠳᠡᠪᠡ᠃ ︽ᠨᠢᠭᠡ ᠬᠤᠩᠬᠢᠯ ᠬᠤᠶᠠᠷ ᠲᠡᠩᠭᠡᠯᠢᠭ | ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠪᠥᠬᠦ ᠲᠠᠯ᠎ᠠ ᠪᠠᠷ ᠡᠬᠢᠯᠡᠵᠦ | ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ ᠢ 5A ᠲᠠᠰ ᠤᠨ ᠦᠵᠡᠮᠵᠢ ᠶᠢᠨ ᠣᠷᠣᠨ ᠢᠶᠠᠷ | ᠠᠮᠵᠢᠯᠲᠠ ᠲᠠᠢ ᠡᠭᠦᠳᠦᠨ ᠪᠠᠶᠢᠭᠤᠯᠪᠠ᠃ ᠠᠷᠪᠠᠳᠤᠭᠠᠷ ᠬᠤᠭᠤᠴᠠᠭᠠᠨ ᠤ ︽ᠮᠦᠽᠧᠶ ᠶᠢᠨ ᠦᠵᠡᠰᠬᠦᠯᠡᠩ ᠤᠨ | ᠴᠤᠭᠯᠠᠭᠠᠨ︾ ᠢ ᠠᠮᠵᠢᠯᠲᠠ ᠲᠠᠢ ᠳᠠᠭᠠᠭᠠᠨ ᠡᠷᠬᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ | ᠰᠤᠳᠤᠯᠤᠯ ᠤᠨ ᠭᠠᠵᠠᠷ ᠢ ᠪᠠᠶᠢᠭᠤᠯᠵᠤ᠂ ᠤᠯᠤᠰ ᠤᠨ ᠨᠢᠭᠡᠳᠦᠭᠡᠷ ᠳᠡᠰ ᠤᠨ ᠮᠦᠽᠧᠶ ᠶᠢ 3᠂ ᠬᠤᠶᠠᠳᠤᠭᠠᠷ | ᠳᠡᠰ ᠤᠨ ᠮᠦᠽᠧᠶ ᠶᠢ 2 ᠡᠭᠦᠳᠦᠨ ᠪᠠᠶᠢᠭᠤᠯᠵᠤ᠂ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ | ᠂ ᠤᠮᠠᠷᠠᠲᠤ ᠬᠢᠯᠢ ᠶᠢᠨ ᠰᠠᠭᠤᠭᠳᠠᠯ ᠰᠣᠶᠣᠯ ᠤᠷᠠᠯᠢᠭ ᠤᠨ ᠲᠥᠪ ᠢ ᠪᠠᠶᠢᠭᠤᠯᠪᠠ᠃ ᠣᠪᠣᠭ᠎ᠠ ᠲᠣᠰᠬᠤᠨ | ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢᠶᠠᠷ | ᠦᠨᠡᠯᠡᠭᠳᠡᠵᠦ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠤᠯᠤᠰ ᠤᠨ ᠲᠠᠰ ᠤᠨ ᠴᠡᠨᠡᠯᠡᠯᠲᠡ ᠶᠢᠨ | ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢᠶᠠᠷ ᠦᠨᠡᠯᠡᠭᠳᠡᠪᠡ᠃ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ | ᠲᠣᠮᠣ ᠬᠡᠯᠪᠡᠷᠢ ᠶᠢᠨ ᠳᠠᠭᠤᠯᠠᠯᠭ᠎ᠠ ᠶᠢᠨ ᠲᠤᠭᠯᠠᠯᠲᠠ ᠶᠢ 8 ᠤᠳᠠᠭ᠎ᠠ ᠵᠣᠬᠢᠶᠠᠨ ᠪᠠᠶᠢᠭᠤᠯᠪᠠ᠃ ᠪᠦᠬᠦ ᠵᠢᠯ ᠳᠤ | ᠬᠦᠯᠢᠶᠡᠨ ᠠᠪᠤᠭᠰᠠᠨ ᠵᠢᠭᠤᠯᠴᠢᠯᠠᠭᠴᠢᠳ 5500 ᠲᠦᠮᠡᠨ ᠬᠦᠮᠦᠨ ᠤᠳᠠᠭ᠎ᠠ ᠶᠢ ᠳᠠᠪᠠᠪᠠ᠃ ᠲᠦᠷᠦᠭᠦᠤ | ᠪᠦᠯᠦᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠭᠦᠢᠯᠭᠡᠭᠡᠨ ᠤ | ᠬᠦᠢᠰᠦ ᠶᠢ ᠪᠠᠶᠢᠭᠤᠯᠤᠨ ᠳᠠᠭᠤᠰᠬᠠᠵᠤ᠂ ᠢ ᠱᠦᠨ᠂ ᠶᠤᠸᠠᠨ ᠲᠦᠩ ᠵᠡᠷᠭᠡ ᠲᠥᠷᠥᠯ ᠵᠦᠢᠯ ᠢ ᠵᠢᠩᠬᠢᠨᠢ ᠪᠠᠷ | ᠠᠰᠢᠭᠯᠠᠯᠲᠠ ᠳᠤ ᠣᠷᠣᠭᠤᠯᠵᠤ᠂ ︽ᠲᠢᠶᠠᠨᠵᠢᠨ ᠭᠠᠷᠠᠮ —ᠬᠥᠬᠡᠬᠤᠲᠠ︾ ᠶᠢᠨ ᠣᠷᠣᠨ ᠭᠠᠷᠠᠮ ᠤᠨ | ᠬᠠᠮᠲᠤᠷᠠᠭᠰᠠᠨ ᠵᠢᠰᠢᠶᠠᠨ ᠤ ᠭᠠᠯᠲᠤ ᠲᠡᠷᠭᠡ ᠶᠢ ᠠᠮᠵᠢᠯᠲᠠ ᠲᠠᠢ ᠨᠡᠪᠲᠡᠷᠡᠭᠦᠯᠵᠦ᠂ ᠨᠠᠭᠠᠰᠢ ᠴᠠᠭᠠᠰᠢ ᠨᠡᠶᠢᠲᠡ 520 | ᠴᠢᠩᠬᠡᠯᠢᠭ ᠵᠥᠭᠡᠭᠡᠪᠦᠷᠢᠯᠡᠵᠦ᠂ ᠨᠡᠩ ᠳᠥᠭᠦᠮ ᠳᠥᠲᠡ ᠪᠠᠷᠠᠭᠠᠨ ᠭᠦᠢᠯᠭᠡᠭᠡᠨ ᠤ ᠰᠢᠰᠲ᠋ᠧᠮᠵᠢ ᠪᠠᠷ ᠣᠷᠣᠨ ᠤ ᠲᠥᠪ | ᠬᠤᠲᠠ ᠶᠢᠨ ︽ᠰᠢᠤᠳᠠᠯᠠᠬᠤ ᠶᠢ ᠳᠠᠭᠠᠭᠠᠬᠤ ᠴᠠᠭ ᠦᠶ᠎ᠡ︾ ᠳᠤ ᠪᠦᠬᠦ ᠲᠠᠯ᠎ᠠ ᠪᠠᠷ ᠣᠷᠣᠬᠤ ᠶᠢ ᠲᠤᠯᠭᠠᠭᠤᠷᠢᠯᠠᠪᠠ᠃ | ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠴᠥᠮ ︽ᠲᠦᠮᠡᠨ ᠳ᠋ᠦᠩᠰᠢᠭᠤᠷ︾ ᠢ ᠳᠠᠪᠠᠵᠤ᠂ ᠬᠤᠶᠠᠷ ᠵᠢᠯ | ᠳᠠᠷᠠᠭᠠᠯᠠᠨ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢᠶᠠᠷ ᠦᠨᠡᠯᠡᠭᠳᠡᠪᠡ᠃ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠵᠤ | ᠨᠡᠶᠢᠭᠡᠮ ᠤᠨ ᠬᠥᠷᠥᠩᠭᠡ ᠮᠥᠩᠭᠦ ᠶᠢ 22 ᠳ᠋ᠦᠩᠰᠢᠭᠤᠷ ᠢᠯᠡᠭᠦᠦ ᠲᠥᠭᠦᠷᠢᠭ ᠳᠠᠶᠢᠴᠢᠯᠠᠪᠠ᠂ ᠵᠠᠰᠠᠭ ᠤᠨ ᠣᠷᠳᠣᠨ | ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠪᠠᠷ ᠪᠠᠩᠬᠢ ᠠᠴᠠ ᠢᠲᠡᠭᠡᠮᠵᠢ ᠣᠯᠭᠤᠭᠰᠠᠨ | ᠲᠤᠭ᠎ᠠ ᠶᠢ 1800 ᠳ᠋ᠦᠩᠰᠢᠭᠤᠷ ᠲᠥᠭᠦᠷᠢᠭ ᠰᠢᠬᠠᠮ ᠬᠦᠷᠭᠡᠪᠡ᠂ ᠥᠪᠥᠷ ᠮᠣᠩᠭᠤᠯ ᠤᠨ ᠴᠢᠩ ᠴᠧᠩ ᠰᠦ ᠶᠢᠨ | ᠦᠢᠯᠡᠰ ᠤᠨ ᠠᠷᠠᠯᠵᠢᠶᠠᠨ ᠤ ᠲᠥᠪ ᠤᠨ ᠠᠷᠠᠯᠵᠢᠶᠠᠨ ᠤ ᠲᠤᠭ᠎ᠠ ᠨᠡᠶᠢᠲᠡ 6.5 ᠳ᠋ᠦᠩᠰᠢᠭᠤᠷ ᠲᠥᠭᠦᠷᠢᠭ ᠬᠦᠷᠴᠦ᠂ | ᠣᠷᠣᠨ ᠤ ᠲᠥᠪ ᠬᠤᠲᠠ ᠶᠢᠨ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃ | | ︵ᠭᠤᠷᠪᠠ︶ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠴᠢᠩᠭᠠᠷᠠᠪᠠ᠃ ᠤᠯᠤᠰ ᠤᠨ ᠰᠦ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ 10 ᠵᠦᠢᠯ ᠤᠨ ᠪᠦᠬᠦ ᠪᠥᠮᠪᠥᠷᠴᠡᠭ ᠤᠨ ᠲᠡᠷᠢᠭᠦᠨ ᠤ ᠦᠷ᠎ᠡ | ᠪᠦᠲᠦᠭᠡᠯ ᠢ ᠣᠯᠤᠭᠰᠠᠨ ᠪᠥᠭᠡᠳ ᠪᠦᠬᠦᠨ ᠢ ᠠᠵᠤ ᠦᠢᠯᠡᠰᠵᠢᠭᠦᠯᠵᠦ᠂ ᠤᠯᠤᠰ ᠤᠨ ᠡᠪᠡᠰᠦᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠶᠠᠮᠤᠨ ᠤ ᠬᠢᠨᠠᠯᠲᠠ ᠶᠢ ᠥᠩᠭᠡᠷᠡᠵᠦ᠂ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠲᠥᠪ | ︽ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠳᠠᠬᠢ | ᠬᠤᠪᠢᠶᠠᠷᠢ ᠲᠥᠪ︾ ᠤᠨ ᠫᠠᠶᠢᠰᠠ ᠡᠯᠭᠦᠵᠦ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ | ᠰᠢᠨ᠎ᠡ ᠶᠢ ᠡᠭᠦᠳᠬᠦ ᠲᠥᠪ᠂ ᠰᠢᠨᠬᠤᠸᠠ ᠭᠤᠷᠪᠠᠳᠤᠭᠠᠷ ᠲᠥᠪ ᠲᠤᠷᠰᠢᠯᠲᠠ ᠶᠢᠨ ᠲᠠᠰᠤᠭ᠂ ᠬᠤᠸᠠ ᠸᠧᠢ ᠶᠢᠨ | ᠥᠪᠥᠷ ᠮᠣᠩᠭᠤᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠵᠡᠷᠭᠡ ᠨᠢᠭᠡ ᠪᠦᠯᠦᠭ ᠵᠠᠬ᠎ᠠ ᠳᠡᠯᠭᠡᠭᠦᠷᠴᠢᠯᠡᠭᠰᠡᠨ | ᠰᠤᠳᠤᠯᠤᠨ ᠨᠡᠭᠡᠭᠡᠬᠦ ᠪᠠᠶᠢᠭᠤᠯᠤᠮᠵᠢ ᠪᠣᠳᠠᠲᠠᠢ ᠠᠵᠢᠯᠯᠠᠪᠠ᠃ ᠨᠢᠭᠡ ᠲᠥᠷᠥᠯ ᠤᠨ ᠦᠷ᠎ᠡ ᠪᠦᠲᠦᠭᠡᠯ ᠨᠢ ᠤᠯᠤᠰ ᠤᠨ | ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠬᠤᠶᠠᠷ ᠴᠡᠭ ᠨᠢ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠡᠭᠦᠷᠭᠡᠯᠡᠵᠦ᠂ ᠬᠤᠶᠠᠷ ᠲᠥᠷᠥᠯ ᠵᠦᠢᠯ ᠨᠢ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠭᠤᠷᠪᠠᠨ | ᠲᠥᠷᠥᠯ ᠤᠨ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠳᠤ ᠣᠷᠣᠪᠠ᠃ 167 ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ | ᠲᠠᠢ ᠬᠠᠮᠲᠤᠷᠠᠯᠴᠠᠭ᠎ᠠ ᠥᠷᠨᠢᠭᠦᠯᠵᠦ᠂ ᠠᠺᠠᠳᠧᠮᠢᠴᠢ ᠪᠠ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 13 ᠶᠢ | ᠰᠢᠨ᠎ᠡ ᠪᠠᠷ ᠪᠠᠶᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 218᠂ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 852᠂ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 12 ᠰᠢᠨ᠎ᠡ ᠪᠠᠷ ᠨᠡᠮᠡᠭᠳᠡᠪᠡ᠃ ᠰᠢᠨ᠎ᠡ ᠶᠢ ᠡᠭᠦᠳᠬᠦ | ᠲᠠᠪᠴᠠᠩ ᠢᠶᠠᠷ ᠳᠠᠮᠵᠢᠭᠤᠯᠤᠨ ᠤᠯᠠᠷᠢᠯᠠᠭᠤᠯᠤᠨ ᠪᠣᠲᠠᠲᠠᠶᠢᠵᠢᠭᠤᠯᠤᠭᠰᠠᠨ ᠦᠷ᠎ᠡ ᠪᠦᠲᠦᠭᠡᠯ 100 ᠵᠦᠢᠯ ᠢ ᠳᠠᠪᠠᠵᠤ | ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ 1704 ᠰᠢᠨ᠎ᠡ ᠪᠠᠷ ᠳᠠᠩᠰᠠᠯᠠᠭᠤᠯᠪᠠ᠃ | ᠪᠥᠬᠦ ᠤᠯᠤᠰ ᠤᠨ ᠠᠩᠬᠠᠳᠠᠭᠴᠢ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠡᠬᠢᠯᠡᠭᠦᠯᠦᠨ ᠡᠵᠡᠩᠨᠡᠵᠦ᠂ ᠪᠥᠬᠦ ᠣᠷᠣᠨ ᠤ ᠠᠩᠬᠠᠳᠠᠭᠴᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠢ ᠪᠠᠶᠢᠭᠤᠯᠬᠤ ᠪᠠᠷ ᠵᠥᠪᠰᠢᠶᠡᠷᠡᠭᠳᠡᠪᠡ᠃ | ︵ᠲᠦᠷᠪᠡ︶ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠳᠤ ᠨᠠᠩ ᠴᠢᠩᠭ᠎ᠠ ᠬᠥᠳᠡᠯᠭᠡᠬᠦ ᠬᠦᠴᠦᠨ ᠡᠷᠴᠢᠯᠡᠭᠳᠡᠵᠦ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽4.0︾ ᠬᠡᠪ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠵᠤ | ᠠᠬᠤᠶᠢᠯᠠᠯ ᠢ ᠳᠠᠩᠰᠠᠯᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠪᠠ᠃ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 1296 ᠵᠦᠢᠯ ᠪᠠᠶᠢᠭᠰᠠᠨ ᠠᠴᠠ 405 ᠵᠦᠢᠯ | ᠪᠣᠯᠭᠠᠨ ᠴᠣᠮᠬᠠᠳᠬᠠᠵᠤ᠂ ᠪᠥᠬᠦ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ | ᠴᠥᠭᠡᠨ ᠬᠤᠲᠠ ᠶᠢᠨ ᠡᠩᠨᠡᠭᠡᠨ ᠳᠤ ᠣᠷᠣᠪᠠ᠃ ᠰᠢᠨ᠎ᠡ ᠪᠠᠷ ᠳᠠᠩᠰᠠᠯᠠᠭᠤᠯᠤᠭᠰᠠᠨ ᠡᠵᠡᠩᠨᠡᠯᠲᠡ ᠶᠢᠨ ᠭᠤᠣᠯ | ᠴᠣᠭᠴᠠ 7.8 ᠲᠦᠮᠡ ᠬᠦᠷᠴᠦ᠂ 8.9% ᠪᠠᠷ ᠨᠡᠮᠡᠭᠳᠡᠪᠡ︔ 2024 ᠣᠨ ᠤ ᠬᠠᠮᠤᠭ ᠤᠨ ᠶᠡᠭᠡ ᠪᠡᠯᠡ | ᠣᠷᠣᠭᠤᠯᠤᠯᠲᠠ ᠶᠢᠨ ᠥᠷᠲᠡᠭ ᠲᠠᠢ ᠬᠤᠳᠠ᠂ 2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠬᠠᠮᠤᠭ ᠤᠨ ᠰᠠᠶᠢᠨ ᠬᠤᠲᠠ ᠪᠠᠷ ᠦᠨᠡᠯᠡᠭᠳᠡᠪᠡ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢᠨ ᠠᠰᠢᠭ ᠣᠷᠣᠯᠭ᠎ᠠ 4.5 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ 3 ᠵᠢᠯ ᠳᠠᠷᠠᠭᠠᠯᠠᠨ ᠬᠤᠶᠠᠷ | ᠣᠷᠣᠨᠲᠤ ᠲᠣᠭᠠᠨ ᠤ ᠨᠡᠮᠡᠭᠳᠡᠯ ᠢ ᠪᠠᠲᠤᠯᠠᠪᠠ᠃ ᠭᠠᠳᠠᠭᠠᠳᠤ ᠨᠡᠭᠡᠭᠡᠯᠲᠡ ᠨᠢ ᠠᠮᠢᠵᠢᠷᠠᠯ ᠤᠨ ᠬᠦᠴᠦᠨ ᠢ ᠨᠡᠩ | ᠬᠥᠭᠵᠢᠭᠡᠵᠦ᠂ TIR ᠣᠯᠠᠨ ᠤᠯᠤᠰ ᠤᠨ ᠠᠴᠢᠶᠠᠨ ᠤ ᠮᠠᠰᠢᠨ ᠲᠡᠷᠭᠡ ᠶᠢᠨ ᠵᠢᠰᠢᠶᠠᠨ ᠤ ᠲᠡᠷᠭᠡ᠂ ᠪᠥᠬᠦ ᠣᠷᠣᠨ ᠤ | JSQ ᠶᠢᠨ ᠲᠠᠸᠠᠷ ᠤᠨ ᠮᠠᠰᠢᠨ ᠲᠡᠷᠭᠡ ᠶᠢᠨ ᠵᠢᠰᠢᠶᠠᠨ ᠤ ᠲᠡᠷᠭᠡ ᠶᠢ ᠠᠩᠬ᠎ᠠ ᠤᠳᠠᠭ᠎ᠠ ᠨᠡᠪᠲᠡᠷᠡᠭᠦᠯᠵᠦ᠂ ᠳᠤᠮᠳᠠᠳᠤ | ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 120 ᠤᠳᠠᠭ᠎ᠠ ᠠᠶᠠᠯᠠᠭᠤᠯᠵᠤ᠂ ᠠᠳᠠᠯᠢ | ᠬᠤᠭᠤᠴᠠᠭᠠᠨ ᠤ ᠬᠢ ᠠᠴᠠ 140% ᠪᠠᠷ ᠨᠡᠮᠡᠭᠳᠡᠪᠡ᠃ 211 ᠠᠭᠠᠷ ᠤᠨ ᠠᠶᠠᠯᠠᠯ ᠤᠨ ᠱᠤᠭᠤᠮ ᠢ 93 | ᠬᠤᠲᠠ ᠳᠤ ᠨᠡᠪᠲᠡᠷᠡᠭᠦᠯᠦᠨ᠂ ᠠᠶᠠᠨᠴᠢᠳ ᠢ ᠠᠴᠢᠵᠤ ᠪᠠᠭᠤᠯᠭᠠᠭᠰᠠᠨ ᠲᠤᠭ᠎ᠠ 1300 ᠲᠦᠮᠡᠨ ᠬᠥᠮᠦᠨ | ᠤᠳᠠᠭ᠎ᠠ ᠶᠢ ᠳᠠᠪᠠᠪᠠ᠃ ︽ᠬᠥᠬᠡᠬᠤᠲᠠ—ᠮᠣᠰᠺᠸᠠ︾ ᠪᠠᠷᠠᠭᠠᠨ ᠤ ᠲᠡᠭᠡᠭᠡᠪᠦᠷᠢ ᠶᠢᠨ ᠠᠭᠠᠷ ᠠᠶᠠᠯᠠᠯ ᠤᠨ ᠱᠤᠭᠤᠮ | ᠨᠡᠪᠲᠡᠷᠡᠵᠦ᠂ ᠴᠠᠭᠠᠨ ᠰᠤᠪᠤᠷᠭ᠎ᠠ ᠠᠭᠠᠷ ᠠᠶᠠᠯᠠᠯ ᠤᠨ ᠪᠣᠭᠤᠮᠲᠠ ᠶᠢᠨ ᠬᠥᠯᠳᠡᠭᠡᠭᠰᠡᠨ ᠰᠣᠷᠭᠤᠭ ᠤᠰᠤᠨ | ᠭᠠᠷᠤᠯᠲᠠ ᠶᠢᠨ ᠦᠢᠯᠡᠳᠬᠦᠨ ᠤ ᠲᠣᠭᠲᠠᠭᠰᠠᠨ ᠬᠢᠨᠠᠨ ᠬᠠᠮᠢᠶᠠᠷᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠪᠠ᠃ | ᠠᠯᠠᠭ ᠠᠭᠤᠯᠠ ᠶᠢᠨ ᠠᠮᠠ᠂ ᠬᠤᠷᠭᠤᠰ ᠤᠨ ᠬᠠᠭᠤᠷᠠᠢ ᠵᠠᠮ ᠤᠨ ᠪᠣᠭᠤᠮᠲᠠ ᠯᠤᠭ᠎ᠠ ᠪᠥᠬᠦ ᠲᠠᠯ᠎ᠠ ᠪᠠᠷ | ᠬᠠᠮᠲᠤᠷᠠᠯᠴᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ ᠠᠩᠬ᠎ᠠ | ᠤᠳᠠᠭ᠎ᠠ 200 ᠳ᠋ᠦᠩᠰᠢᠭᠤᠷ ᠲᠥᠭᠦᠷᠢᠭ ᠢ ᠳᠠᠪᠠᠪᠠ᠃ ᠣᠯᠠᠨ ᠤᠯᠤᠰ ᠤᠨ ᠨᠥᠬᠦᠷᠰᠡᠭ ᠬᠤᠲᠠ ᠶᠢᠨ ᠭᠠᠷᠮᠠᠭᠠᠢ | ᠬᠤᠪᠢ ᠨᠡᠮᠡᠷᠢ ᠶᠢᠨ ᠱᠠᠩᠨᠠᠯ ᠢ ᠬᠦᠷᠲᠡᠪᠡ᠃ ᠪᠡᠭᠡᠵᠢᠩ ᠤᠨ ᠬᠠᠢ ᠳ᠋ᠢᠶᠠᠨ ᠲᠣᠭᠤᠷᠢᠭ ᠲᠠᠢ ︽ᠬᠤᠶᠠᠷ ᠴᠠᠭ ᠤᠨ | ᠰᠢᠨ᠎ᠡ ᠶᠢ ᠡᠭᠦᠳᠬᠦ ᠲᠣᠭᠤᠷᠢᠭ︾ ᠤᠨ ᠬᠠᠮᠲᠤᠷᠠᠯᠴᠠᠭ᠎ᠠ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ | ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ ᠵᠢᠩᠬᠢᠨᠢ ᠪᠠᠷ | ᠪᠠᠶᠢᠭᠤᠯᠤᠭᠳᠠᠪᠠ᠃ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠳᠥᠷᠪᠡᠨ ᠬᠤᠲᠠ ᠳᠤ ᠨᠡᠶᠢᠳᠡᠮ | ᠭᠦᠢᠴᠡᠳᠬᠡᠬᠦ ᠵᠦᠢᠯᠡᠰ 337 ᠵᠦᠢᠯ ᠬᠦᠷᠪᠡ᠃ | ︵ᠲᠠᠪᠤ ︶ ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ︽ᠬᠥᠬᠡᠬᠤᠲᠠ ᠶᠢᠨ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021—2035 ᠣᠨ︶︾ | ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ︽ᠤᠮᠠᠷᠠᠲᠤ ᠣᠷᠣᠨ ᠤ ᠴᠢᠬᠤᠯᠠ ᠲᠥᠪ | ᠬᠤᠲᠠ︾ ︽ᠤᠯᠤᠰ ᠤᠨ ᠲᠡᠤᠬᠡ ᠰᠣᠶᠣᠯ ᠤᠨ ᠨᠠᠷᠠᠲᠤ ᠬᠤᠲᠠ︾ ︽ᠪᠥᠬᠦ ᠤᠯᠤᠰ ᠤᠨ ᠴᠢᠨᠠᠷᠲᠠᠶ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦᠬᠤᠲᠠ︾ ︽ᠣᠷᠣᠨ ᠪᠦᠰᠡ ᠶᠢᠨ ᠴᠢᠨᠠᠷᠲᠠᠶ ᠲᠡᠷᠢᠭᠦᠨ ᠤ | ᠦᠢᠯᠡᠳᠬᠦ ᠦᠢᠯᠡᠰ ᠤᠨ ᠰᠠᠭᠤᠷᠢᠨ ᠭᠠᠵᠠᠷ︾ ᠵᠡᠷᠭᠡ ᠭᠤᠤᠯ ᠪᠠᠶᠢᠷᠢ ᠲᠣᠭᠲᠠᠭᠠᠯᠲᠠ ᠨᠢ ᠣᠷᠣᠨ ᠤ ᠲᠥᠪ | ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ ᠱᠧᠩ ᠯᠧ ᠣᠯᠠᠨ | ᠤᠯᠤᠰ ᠤᠨ ᠨᠢᠰᠬᠡᠯ ᠤᠨ ᠪᠠᠭᠤᠳᠠᠯ ᠦᠨᠳᠦᠰᠦᠨ ᠳᠤ ᠪᠠᠨ ᠪᠠᠷᠢᠯᠭ᠎ᠠ ᠳᠠᠭᠤᠰᠴᠤ᠂ ᠯᠣᠣ ᠨᠢᠤ ᠸᠠᠨ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠪᠡ᠃ S43 ᠨᠢᠰᠬᠡᠯ ᠤᠨ ᠪᠠᠭᠤᠳᠠᠯ ᠤᠨ | ᠲᠦᠷᠭᠡᠨ ᠤ ᠵᠠᠮ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠵᠦ᠂ S311 ᠦᠴᠤᠸᠠᠨ ᠠᠴᠠ ᠶᠠᠩ ᠱᠤ᠋ ᠪᠠ | ᠬᠦᠷᠬᠦ ᠵᠠᠰᠠᠮᠠᠯ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ ᠵᠡᠷᠭᠡ ᠲᠥᠷᠥᠯ ᠵᠦᠢᠯ ᠤᠨ | ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠣᠷᠣᠨ ᠤ ᠲᠥᠪ ᠬᠤᠲᠠ ᠶᠢᠨ ᠢᠷᠡᠭᠡᠳᠦᠢ ᠶᠢᠨ | ᠬᠥᠭᠵᠢᠯᠲᠡ ᠳᠤ ᠬᠤᠯᠪᠣᠭᠳᠠᠬᠤ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠢ ᠡᠬᠢᠯᠡᠭᠦᠯᠪᠡ᠃ ︽ᠬᠠᠯᠠᠭᠤᠨ ᠳᠤᠯᠠᠭᠠᠨ ᠤ ᠢᠨᠵᠧᠨᠧᠷᠢᠩ︾ ᠢ ᠲᠡᠭᠦᠰ | ᠠᠮᠵᠢᠯᠲᠠ ᠲᠠᠢ ᠲᠡᠭᠦᠰᠬᠡᠨ᠂ ᠢᠯᠴᠢ ᠬᠠᠩᠭᠠᠬᠤ ᠴᠢᠳᠠᠪᠤᠷᠢ ᠰᠢᠨ᠎ᠡ ᠪᠠᠷ 3800 ᠲᠦᠮᠡᠨ ᠲᠡᠭᠰᠢ ᠳᠥᠷᠪᠡᠯᠵᠢᠨ | ᠮᠧᠲᠷ ᠨᠡᠮᠡᠭᠳᠡᠵᠦ᠂ 209 ᠺᠢᠯᠣᠮᠧᠲᠷ ᠬᠤᠭᠤᠯᠠᠢ ᠲᠣᠣᠷ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ | ᠬᠤᠲᠠ ᠶᠢᠨ ᠢᠯᠴᠢ ᠬᠠᠩᠭᠠᠬᠤ ︽O︾ ᠬᠡᠯᠪᠡᠷᠢ ᠶᠢᠨ ᠪᠢᠲᠡᠭᠦᠦ ᠴᠠᠭᠠᠷᠢᠭ ᠢ ᠪᠥᠬᠦ ᠲᠠᠯ᠎ᠠ ᠪᠠᠷ ᠪᠦᠷᠢᠯᠳᠦᠭᠦᠯᠪᠡ᠃ | ᠬᠠᠶᠢᠮᠢᠶᠠᠨ ᠬᠤᠲᠠ ᠶᠢᠨ 54 ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠵᠦ᠂ 229 ᠬᠠᠭᠤᠴᠢᠨ | ᠬᠤᠷᠢᠶᠠᠯᠠᠯ ᠢ ᠥᠭᠡᠷᠡᠴᠢᠯᠡᠨ ᠪᠠᠶᠢᠭᠤᠯᠵᠤ᠂ 502 ᠬᠤᠷᠢᠶᠠᠯᠠᠯ ᠤᠨ ︽ᠤᠰᠤ ᠬᠡᠷᠡᠭᠯᠡᠬᠦ ᠳᠤ ᠬᠦᠴᠢᠷ︾ | ᠠᠰᠠᠭᠤᠳᠠᠯ ᠢ ᠰᠢᠢᠳᠪᠦᠷᠢᠯᠡᠪᠡ᠃ 209 ᠺᠢᠯᠣᠮᠧᠲᠷ ᠬᠤᠲᠠ ᠶᠢᠨ ᠨᠣᠭᠤᠭᠠᠨ ᠵᠠᠮ᠂ 215 ᠬᠠᠷᠮᠠᠨ ᠴᠡᠴᠡᠷᠯᠢᠭ ᠢ | ᠬᠠᠮᠠᠭᠠᠯᠠᠨ ᠳᠡᠭᠡᠭᠰᠢᠯᠡᠭᠦᠯᠵᠦ᠂ ᠶᠡᠭᠡ ᠪᠠᠭ᠎ᠠ ᠴᠡᠴᠡᠷᠯᠢᠭ ᠤᠨ ᠶᠡᠷᠦᠩᠬᠡᠢ ᠲᠤᠭ᠎ᠠ 1009 ᠬᠦᠷᠪᠡ᠃ ᠠᠮᠤ | ᠪᠤᠳᠠᠭᠠᠨ ᠤ ᠤᠨᠠᠯᠲᠠ 38.98 ᠳ᠋ᠦᠩᠰᠢᠭᠤᠷ ᠵᠢᠩ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ | ᠬᠤᠷᠢᠶᠠᠯᠲᠠ ᠤᠯᠬᠤ︾ ᠶᠢ ᠪᠡᠶᠡᠯᠡᠭᠦᠯᠵᠦ᠂ 14.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ 1 ᠲᠦᠮᠡᠨ ᠮᠦ᠂ ᠵᠠᠳᠠᠭᠠᠢ ᠭᠠᠵᠠᠷ ᠤᠨ ᠢᠳᠡᠰᠢᠨ | ᠨᠣᠭᠤᠭ᠎ᠠ ᠶᠢᠨ ᠲᠠᠷᠢᠶ᠎ᠠ ᠶᠢ 3.6 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠵᠣᠯᠭᠠᠭᠤᠯᠬᠤ ᠪᠡᠯᠡ ᠮᠥᠩᠭᠦ ᠳᠤ 7.4 | ᠳ᠋ᠦᠩᠰᠢᠭᠤᠷ ᠲᠥᠭᠦᠷᠢᠭ ᠣᠷᠣᠭᠤᠯᠵᠤ᠂ 254 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠃ ᠡᠪ | ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ 4 ᠵᠦᠪᠰᠢᠶᠡᠷᠡᠭᠳᠡᠪᠡ᠃ ︽ | ᠭᠤᠷᠪᠠᠨ ᠬᠤᠪᠢᠷᠠᠯ︾ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠰᠬᠤᠨ 100 ᠬᠦᠷᠪᠡ᠃ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠥᠷᠭᠡᠳᠬᠡᠵᠦ᠂ ᠵᠠᠰᠠᠮᠠᠯ | ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 112 ᠬᠡᠷᠡᠭᠵᠢᠭᠦᠯᠪᠡ᠃ 319 ᠲᠦᠮᠡᠨ ᠮᠥ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ | ᠃ | ︵ᠵᠢᠷᠭᠤᠭ᠎ᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠶᠢᠨ ᠦᠷ᠎ᠡ ᠪᠦᠲᠦᠭᠡᠯ | ᠢᠯᠡᠳᠲᠡ ᠪᠣᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠵᠢᠷᠭᠤᠭᠠᠨ ᠵᠢᠯ ᠤᠷᠢᠳᠴᠢᠯᠠᠨ ᠪᠡᠶᠡᠯᠡᠭᠦᠯᠵᠦ᠂ ᠣᠶ ᠰᠢᠭᠤᠶ ᠡᠪᠡᠰᠦ | ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠨᠥᠭᠡᠴᠡ ᠶᠢᠨ ᠦᠨᠳᠦᠰᠦᠨ ᠲᠤᠭ᠎ᠠ ᠪᠠᠷᠢᠮᠲᠠ ᠶᠢᠨ | ᠬᠥᠮᠥᠷᠭᠡ ᠶᠢ ᠪᠠᠶᠢᠭᠤᠯᠤᠨ᠂ ᠨᠡᠭᠦᠷᠡᠰᠦᠲᠥ᠋ᠷᠥᠭᠴᠢ ᠶᠢ ᠤᠬᠢᠶᠠᠵᠤ ᠨᠡᠭᠡᠭᠡᠨ ᠬᠥᠭᠵᠢᠭᠦᠯᠬᠦ ᠳᠤ 45 ᠲᠦᠮᠡᠨ ᠮᠥ | ᠣᠶᠢᠵᠢᠭᠤᠯᠵᠤ ᠨᠥᠭᠡᠴᠡᠯᠡᠪᠡ᠃ ᠯᠠᠮᠠ ᠶᠢᠨ ᠠᠶᠢᠯ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ | ᠪᠠᠶᠢᠭᠤᠯᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ ᠲᠣᠭᠲᠠᠬᠤ ᠴᠢᠩ ᠱᠦᠢ ᠾᠧ | ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠬᠤᠯᠠ ᠳᠠᠮᠵᠢᠭᠤᠯᠬᠤ ᠬᠤᠭᠤᠯᠠᠢ ᠲᠣᠣᠷ ᠤᠨ ᠪᠠᠷᠢᠯᠭ᠎ᠠ᠂ ᠶᠢᠨ | ᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠪᠠ᠃ ᠬᠠᠲᠤᠨ ᠭᠤᠣᠯ ᠤᠨ ᠭᠤᠣᠯ ᠤᠷᠤᠰᠬᠠᠯ᠂ ᠭᠤᠣᠯ ᠰᠠᠯᠪᠤᠷᠢ ᠤᠷᠤᠰᠬᠠᠯ ᠤᠨ | ᠮᠠᠭᠤ V ᠲᠥᠷᠥᠯ ᠤᠨ ᠤᠰᠤᠨ ᠴᠣᠭᠴᠠ ᠶᠢ ᠪᠦᠬᠦᠨ ᠢ ᠠᠷᠢᠯᠭᠠᠪᠠ᠃ ᠬᠤᠲᠠ ᠲᠣᠭᠤᠷᠢᠭ ᠪᠠ ᠰᠢᠶᠠᠨ ᠴᠡᠪᠡᠷ | ᠳᠤᠯᠠᠭᠠᠯᠠᠭ᠎ᠠ ᠪᠠᠷ ᠪᠦᠷᠢᠨ ᠪᠦᠷᠬᠦᠭᠦᠯᠪᠡ᠃ ᠣᠷᠴᠢᠨ ᠲᠣᠭᠤᠷᠢᠨ ᠤ ᠠᠭᠠᠷ ᠤᠨ 6 ᠵᠦᠢᠯ ᠤᠨ ᠭᠦᠢᠴᠡᠳᠬᠡᠯ | ᠲᠤᠭ᠎ᠠ ᠶᠢ ᠪᠦᠬᠦᠨ ᠢ ᠪᠠᠷᠢᠮᠵᠢᠶ᠎ᠠ ᠳᠤ ᠬᠦᠷᠭᠡᠵᠦ᠂ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ 312 | ᠡᠳᠦᠷ ᠬᠦᠷᠴᠦ᠂ ᠳᠡᠭᠡᠷ᠎ᠡ ᠵᠢᠯ ᠤᠨ ᠬᠢ ᠠᠴᠠ 20 ᠡᠳᠦᠷ ᠨᠡᠮᠡᠭᠳᠡᠵᠦ᠂ 5.2 ᠵᠠᠭᠤᠨ ᠤ ᠬᠤᠪᠢ ᠳᠡᠭᠡᠭᠰᠢᠯᠡᠪᠡ᠃ | ᠮᠣᠯᠣᠭᠲᠠᠢ ᠶᠢᠨ ᠪᠠᠷᠢᠯᠭ᠎ᠠ ᠶᠢᠨ ᠬᠤᠭ ᠨᠣᠪᠰᠢ ᠶᠢ ᠳᠠᠬᠢᠨ ᠠᠰᠢᠭᠯᠠᠬᠤ ᠲᠠᠯᠠᠪᠠᠶ᠂ ᠪᠠᠷᠢᠯᠭ᠎ᠠ ᠶᠢᠨ ᠵᠠᠰᠠᠯᠭ᠎ᠠ ᠶᠢᠨ | ᠬᠤᠭ ᠨᠣᠪᠰᠢ ᠶᠢ ᠢᠯᠭᠠᠨ ᠬᠤᠪᠢᠶᠠᠬᠤ 6 ᠲᠥᠪ ᠢ ᠪᠥᠲᠥᠭᠡᠨ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ | ᠴᠡᠪᠡᠷᠯᠡᠵᠦ ᠠᠰᠢᠭᠯᠠᠬᠤ ᠵᠢᠷᠤᠮᠵᠢᠯ ᠥᠬᠡᠶ ᠠᠰᠠᠭᠤᠳᠠᠯ ᠢ ᠰᠢᠢᠳᠪᠦᠷᠢᠯᠡᠪᠡ᠃ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠪᠥᠬᠦ ᠤᠯᠤᠰ ᠤᠨ ᠦᠨᠡᠯᠡᠯᠲᠡ ᠵᠢᠱᠢᠯᠲᠡ ᠳᠤ 80 ᠬᠤᠲᠠ ᠶᠢᠨ ᠳᠤᠮᠳᠠ 10 | ᠳ᠋ᠤᠭᠠᠷ ᠲᠤ ᠣᠷᠣᠪᠠ᠃ | ︵ᠳᠤᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠭᠤᠷᠪᠠᠨ ᠵᠢᠯ ᠤᠨ | ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠪᠥᠬᠦ ᠤᠯᠤᠰ ᠤᠨ ᠪᠣᠯᠪᠠᠰᠤᠨ ᠬᠤᠲᠠ ᠶᠢᠨ ᠪᠠᠶᠢᠭᠤᠯᠤᠯᠲᠠ ᠶᠢᠨ | ᠣᠨ ᠤ ᠦᠨᠡᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠠᠨ ᠬᠦᠯᠢᠶᠡᠪᠡ᠃ ︽ᠭᠤᠷᠪᠠᠨ ᠵᠢᠯ ᠠᠷᠪᠠᠨ ᠲᠦᠮᠡᠨ | ᠣᠶᠤᠲᠠᠨ ᠢ ᠬᠥᠬᠡᠬᠤᠲᠠ ᠳᠤ ᠦᠯᠡᠳᠡᠭᠡᠬᠦ︾ ᠬᠠᠷᠠᠯᠲᠠ ᠶᠢ ᠬᠠᠭᠠᠰ ᠵᠢᠯ ᠤᠷᠢᠳᠴᠢᠯᠠᠨ ᠪᠡᠶᠡᠯᠡᠭᠦᠯᠵᠦ᠂ ︽ | ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠢ ᠨᠡᠶᠢᠲᠡᠯᠡᠵᠦ᠂ ᠤᠯᠤᠰ ᠤᠨ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠢᠨᠠᠯᠲᠠ | ᠰᠢᠯᠭᠠᠯᠲᠠ ᠳᠤ ᠬᠢᠷᠢ ᠲᠡᠩᠴᠡᠵᠦ᠂ ᠤᠯᠤᠰ ᠤᠨ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠦᠨᠡᠯᠡᠯᠲᠡ ᠳᠤ ᠬᠢᠷᠢ ᠲᠡᠩᠴᠡᠪᠡ᠃ ᠣᠷᠣᠨ ᠬᠤᠲᠠ | ᠬᠠᠮᠲᠤᠷᠠᠨ ᠪᠠᠶᠢᠭᠤᠯᠤᠭᠰᠠᠨ ᠣᠶᠤᠨᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ | ᠠᠰᠢᠭᠯᠠᠯᠲᠠ ᠳᠤ ᠣᠷᠣᠪᠠ᠃ ᠪᠦᠬᠦ ᠣᠷᠣᠨ ᠤ ᠠᠩᠬᠠᠳᠠᠭᠴᠢ ᠲᠣᠬᠢᠷᠠᠭᠤᠯᠬᠤ ᠬᠤᠳᠠᠯᠳᠤᠬᠤ ᠬᠡᠯᠪᠡᠷᠢ ᠶᠢᠨ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠢᠯ ᠪᠣᠯᠬᠤ ︽ᠵᠠᠯᠠᠭᠤᠴᠤᠳ ᠤᠨ ᠨᠡᠶᠢᠭᠡᠮ | ᠲᠣᠭᠤᠷᠢᠭ︾ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠥᠬᠦ ᠤᠯᠤᠰ ᠤᠨ ᠴᠢᠳᠠᠪᠤᠷᠢᠲᠠᠨ ᠤ | ᠬᠥᠭᠵᠢᠯᠲᠡ ᠶᠢᠨ ᠠᠮᠢ ᠠᠬᠤᠶ ᠶᠢᠨ ᠬᠤᠲᠠ ᠶᠢᠨ 50 ᠬᠦᠴᠦᠷᠬᠡᠭ ᠲᠤ ᠰᠣᠩᠭᠤᠭᠳᠠᠵᠤ᠂ ᠪᠥᠬᠦ ᠬᠤᠲᠠ ᠶᠢᠨ | ᠬᠤᠲᠠ ᠪᠠᠯᠭᠠᠰᠤᠨ ᠤ 6.2 ᠲᠦᠮᠡᠨ ᠬᠥᠮᠦᠨ ᠰᠢᠨ᠎ᠡ ᠪᠠᠷ ᠠᠵᠢᠯ ᠣᠯᠵᠤ᠂ ᠬᠥᠳᠡᠭᠡ ᠲᠣᠰᠬᠤᠨ ᠤ ᠬᠥᠳᠡᠯᠮᠦᠷᠢ | ᠬᠦᠴᠦ 36.7 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠪᠠ᠃ ᠳᠤᠮᠳᠠᠳᠤ ᠪᠠᠭ᠎ᠠ | ᠰᠤᠷᠭᠠᠭᠤᠯᠢ ᠬᠡᠦᠬᠡᠳ ᠤᠨ ᠴᠡᠴᠡᠷᠯᠢᠭ 55 ᠶᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ | 20 ᠶᠢ ᠠᠰᠢᠭᠯᠠᠯᠲᠠ ᠳᠤ ᠣᠷᠣᠭᠤᠯᠤᠨ᠂ ᠰᠤᠷᠤᠭᠴᠢ ᠶᠢᠨ ᠣᠷᠣᠨ ᠲᠤᠭ᠎ᠠ ᠶᠢ 2.4 ᠲᠦᠮᠡ ᠰᠢᠨ᠎ᠡ ᠪᠠᠷ ᠨᠡᠮᠡᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭ᠎ᠠ | ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠪᠡ᠃ ︽ᠳᠥᠷᠪᠡᠨ ᠨᠢᠭᠡ︾ ᠶᠢᠨ ᠢᠨᠵᠧᠨᠧᠷᠢᠩ ᠤᠨ | ᠰᠤᠷᠭᠠᠭᠤᠯᠢ ᠶᠢ 66 ᠪᠠᠶᠢᠭᠤᠯᠵᠤ᠂ ︽ᠨᠠᠷᠠᠲᠤ ᠰᠤᠷᠭᠠᠭᠤᠯᠢ +︾ ᠶᠢᠨ ᠰᠤᠷᠭᠠᠨ ᠬᠥᠮᠦᠵᠢᠯ ᠤᠨ ᠪᠦᠯᠦᠭᠯᠡᠯ ᠢ | 87 ᠵᠣᠬᠢᠶᠠᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ | ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠪᠦᠯᠦᠭᠯᠡᠯ᠂ ᠪᠡᠭᠡᠵᠢᠩ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠪᠡᠭᠡᠵᠢᠩ ᠬᠤᠲᠠ ᠶᠢᠨ ᠵᠠᠭᠤ ᠪᠦᠭᠡᠳ ᠨᠢᠭᠡᠳᠦᠭᠡᠷ | ᠳᠤᠮᠳᠠᠳᠤ ᠰᠤᠷᠭᠠᠭᠤᠯᠢ ᠵᠡᠷᠭᠡ 16 ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ | ᠡᠷᠭᠢᠯᠡᠪᠡ᠃ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠦᠬᠦ ᠣᠷᠣᠨ ᠤ ᠠᠩᠬᠠᠳᠠᠭᠴᠢ ᠳᠥᠷᠪᠡᠨ ᠣᠳᠣᠨ | ᠳᠡᠰ ᠤᠨ ︽ᠪᠡᠭᠡᠵᠢᠩ ᠶᠡᠭᠡ ᠰᠤᠷᠭᠠᠭᠤᠯᠢ ᠶᠢᠨ ᠪᠦᠸᠧ ᠶᠠ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠬᠦ ᠰᠠᠭᠤᠷᠢᠨ | ᠭᠠᠵᠠᠷ︾ ᠢᠶᠠᠷ ᠦᠨᠡᠯᠡᠭᠳᠡᠪᠡ᠃ ᠤᠯᠤᠰ ᠤᠨ ᠳᠡᠰ ᠤᠨ ᠠᠨᠠᠭᠠᠬᠤ ᠤᠬᠠᠭᠠᠨ ᠤ ᠬᠤᠪᠢᠶᠠᠷᠢ ᠲᠥᠪ ᠢ 5 ᠪᠠᠶᠢᠭᠤᠯᠵᠤ | ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ 3 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ | ᠬᠤᠲᠠ᠂ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ 57 ᠭᠤᠣᠯᠳᠠᠯᠭ᠎ᠠ ᠲᠠᠢ ᠲᠤᠰᠬᠠᠢ | ᠰᠠᠯᠠᠭ᠎ᠠ ᠶᠢ ᠪᠦᠬᠦᠨ ᠢ ᠪᠠᠶᠢᠭᠤᠯᠵᠤ ᠳᠠᠭᠤᠰᠬᠠᠪᠠ᠃ ᠬᠤᠶᠠᠳᠤᠭᠠᠷ ︽ᠨᠡᠶᠢᠰᠯᠡᠯ ᠬᠤᠲᠠ ᠲᠥᠪ ᠬᠤᠲᠠ ᠶᠢᠨ | ᠡᠷᠡᠭᠦᠯ ᠮᠡᠨᠳᠦ ᠶᠢᠨ ᠭᠤᠷᠪᠠᠨ ᠵᠢᠯ ᠤᠨ ᠠᠵᠢᠯᠯᠠᠭ᠎ᠠ︾ ᠶᠢ ᠡᠬᠢᠯᠡᠭᠦᠯᠪᠡ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠤᠨ ᠭᠤᠤᠯ ᠴᠣᠭᠴᠠ ᠶᠢᠨ ᠠᠵᠢᠯ ᠳᠠᠭᠤᠰᠴᠤ᠂ | ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ | ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠠᠰᠢᠭᠯᠠᠯᠲᠠ ᠳᠤ | ᠣᠷᠣᠬᠤ ᠨᠥᠬᠦᠴᠡᠯ ᠢ ᠪᠦᠷᠢᠯᠳᠦᠭᠦᠯᠪᠡ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠬᠤ ᠡᠵᠡᠯᠡᠬᠦ ᠬᠠᠷᠢᠴᠠᠯ ᠢ ᠲᠣᠰ ᠲᠣᠰ 15.9᠂ 15.7 ᠵᠠᠭᠤᠨ ᠤ ᠴᠡᠭ | ᠳᠡᠭᠡᠭᠰᠢᠯᠡᠭᠦᠯᠵᠦ᠂ ᠦᠨ᠎ᠡ ᠬᠠᠩᠰᠢ ᠨᠢ ᠳᠤᠮᠳᠠᠴᠢ ᠪᠠᠷ 50% ᠠᠴᠠ ᠳᠡᠭᠡᠭᠰᠢ ᠪᠠᠭᠤᠷᠠᠭᠤᠯᠪᠠ᠃ 12345 | ᠬᠠᠯᠠᠮᠰᠢᠯ ᠤᠲᠠᠰᠤ ︽ᠠᠷᠠᠳ ᠲᠤ ᠦᠢᠯᠡᠴᠢᠯᠡᠵᠦ ᠠᠵᠤ ᠠᠬᠤᠶᠢᠯᠠᠯ ᠳᠤ ᠲᠤᠰᠠ ᠬᠦᠷᠭᠡᠬᠦ ᠠᠷᠪᠠᠨ ᠰᠢᠯᠢᠳᠡᠭ | ᠳᠠᠭᠤᠷᠢᠶᠠᠯ︾ ᠢᠶᠠᠷ ᠦᠨᠡᠯᠡᠭᠳᠡᠪᠡ᠃ 2024 ᠣᠨ ᠤ ᠢᠲᠡᠭᠡᠮᠵᠢ ᠶᠢᠨ ᠪᠠᠶᠢᠭᠤᠯᠤᠯᠲᠠ ᠶᠢᠨ ᠨᠥᠯᠥᠭᠡᠯᠡᠬᠦ | ᠬᠦᠴᠦᠨ ᠲᠠᠢ ᠬᠤᠲᠠ ᠳᠤ ᠵᠢᠭᠰᠠᠭᠠᠭᠳᠠᠪᠠ᠃ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠬᠦᠴᠢᠷ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡ᠊ᠨᠳᠡᠯ ᠭᠠᠷᠤᠭᠰᠠᠨ ᠲᠤᠭ᠎ᠠ᠂ | ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 7.5% ᠪᠠ 5.4% ᠪᠠᠷ ᠪᠠᠭᠤᠷᠠᠪᠠ᠃ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠠᠬᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 24.7% ᠪᠠᠷ ᠪᠠᠭᠤᠷᠠᠪᠠ᠃ | ᠥᠷᠢᠲᠦᠵᠦ ᠬᠤᠶᠢᠰᠢᠯᠠᠭᠤᠯᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠲᠠᠢ ᠡᠳ᠋ ᠬᠥᠷᠥᠩᠭᠡ ᠶᠢ | ᠴᠡᠪᠡᠷᠯᠡᠨ ᠬᠤᠷᠢᠶᠠᠬᠤ ᠪᠠ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠦᠨᠳᠦᠰᠦᠨ ᠱᠠᠲᠤᠨ ᠤ ᠵᠠᠰᠠᠯᠲᠠ ᠶᠢᠨ ᠨᠢᠭᠡᠴᠢ ᠶᠢ | ᠰᠢᠯᠢᠳᠡᠭᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ | ᠂ ᠬᠠᠷ᠎ᠠ ᠪᠦᠯᠦᠭᠲᠡᠨ ᠬᠠᠷᠭᠢᠰ ᠬᠦᠴᠦᠨ᠂ ᠬᠤᠯᠠᠭᠠᠢ ᠳᠡᠭᠡᠷᠡᠮ ᠮᠡᠬᠡᠯᠡᠯ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠡᠷᠡᠭᠦᠦ ᠶᠢᠨ ᠬᠡᠷᠡᠭ ᠡᠭᠦᠰᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 33.9% ᠪᠠᠷ ᠪᠠᠭᠤᠷᠠᠵᠤ᠂ ᠠᠷᠪᠠᠨ ᠵᠢᠯ | ᠳᠠᠷᠠᠭᠠᠯᠠᠨ ᠠᠮᠢᠨ ᠬᠡᠷᠡᠭ ᠢ ᠪᠦᠬᠦᠨ ᠢ ᠲᠣᠳᠤᠷᠠᠭᠤᠯᠵᠤ᠂ ᠣᠷᠣᠨ ᠤ ᠲᠥᠪ ᠬᠤᠲᠠ ᠶᠢᠨ ᠡᠶ᠎ᠡ ᠵᠣᠬᠢᠴᠠᠩᠭᠤᠢ | ᠲᠣᠭᠲᠠᠭᠤᠨ ᠤ ᠶᠡᠭᠡ ᠲᠠᠯ᠎ᠠ ᠶᠢ ᠬᠦᠴᠦᠲᠡᠢ ᠬᠠᠮᠠᠭᠠᠯᠠᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠠᠨ ᠬᠠᠤᠯᠢ ᠶᠣᠰᠣᠭᠠᠷ ᠵᠠᠰᠠᠭ ᠪᠠᠷᠢᠬᠤ ᠶᠢ | ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠭᠦᠢᠴᠡᠳᠬᠡᠨ ᠬᠠᠷᠢᠭᠤᠯᠪᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ | ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠭᠦᠨᠵᠡᠭᠡᠢ ᠲᠥᠪᠯᠡᠷᠡᠭᠦᠯᠦᠨ ᠴᠡᠭᠴᠡᠯᠡᠵᠦ᠂ ᠥᠷᠭᠡᠨ ᠣᠯᠠᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ | ᠪᠣᠳᠠᠲᠠᠢ ᠠᠵᠢᠯᠯᠠᠬᠤ ᠵᠣᠷᠢᠭ ᠰᠠᠨᠠᠭ᠎ᠠ ᠰᠢᠨ᠎ᠡ ᠳᠡᠭᠡᠭᠰᠢᠯᠡᠯᠲᠡ ᠲᠠᠢ ᠪᠣᠯᠪᠠ᠃ | ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ | ᠬᠦᠷᠢᠶᠡᠯᠡᠵᠦ ᠠᠰᠠᠷᠠᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠳᠤ ᠴᠥᠮ ᠰᠢᠨ᠎ᠡ ᠠᠮᠵᠢᠯᠲᠠ | ᠣᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠬᠠᠩᠭᠠᠨ | ᠪᠣᠷᠣᠯᠠᠭᠤᠯᠬᠤ ᠬᠠᠮᠲᠤᠷᠠᠯᠴᠠᠭ᠎ᠠ ᠵᠡᠷᠭᠡ ᠠᠵᠢᠯ ᠦᠢᠯᠡᠰ ᠴᠥᠮ ᠰᠢᠨ᠎ᠡ ᠠᠬᠢᠴᠠ ᠲᠠᠢ ᠪᠤᠯᠵᠤ᠂ ᠠᠵᠢᠯᠴᠢᠨ ᠤ ᠡᠪᠯᠡᠯ | ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠪᠯᠡᠯ ᠤᠨ | ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ | ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠯᠵᠢᠶ᠎ᠠ ᠶᠢ | ᠠᠬᠢᠭᠤᠯᠬᠤ ᠨᠡᠶᠢᠭᠡᠮᠯᠢᠭ᠂ ᠨᠠᠰᠤᠲᠠᠶᠢᠴᠤᠳ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ᠂ ᠳᠠᠪᠰᠢᠯᠲᠠ | ᠨᠢᠭᠡᠪᠦᠷᠢ ᠶᠢ ᠡᠷᠭᠢᠴᠡᠭᠦᠯᠬᠦ ᠳᠤ ᠴᠥᠮ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ | ᠳᠣᠲᠣᠨᠣ ᠬᠠᠯᠠᠮᠵᠢᠯᠠᠯ ᠬᠤᠷᠠᠮᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠭᠤᠯᠵᠤ᠂ ᠬᠤᠳᠠ ᠶᠢᠨ ᠨᠠᠮ ᠤᠨ ᠬᠤᠷᠢᠶ᠎ᠠ ᠪᠦᠬᠦ | ᠬᠤᠳᠠ ᠶᠢᠨ ᠠᠷᠠᠳ ᠲᠦᠮᠡᠨ ᠢ ᠳᠠᠭᠠᠭᠤᠯᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠂ ᠡᠯ᠎ᠡ ᠠᠵᠢᠯ ᠲᠦᠷᠦᠯ ᠤᠨ ᠪᠦᠳᠦᠭᠡᠨ ᠪᠠᠶᠢᠭᠤᠯᠤᠭᠴᠢ᠂ ᠡᠷᠭᠦᠨ | ᠵᠣᠷᠢᠭᠤᠯᠤᠭᠴᠢᠳ ᠬᠠᠮᠲᠤ ᠪᠠᠷ ᠬᠦᠴᠦ ᠬᠥᠯᠥᠰᠥ ᠪᠠᠨ ᠤᠷᠤᠰᠬᠠᠨ᠂ ᠬᠠᠮᠲᠤ ᠪᠠᠷ ᠡᠷᠡᠯᠬᠡᠭᠯᠡᠨ ᠤᠷᠤᠭᠰᠢᠯᠠᠭᠰᠠᠨ ᠤ | ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ | ᠬᠤᠲᠠ ᠶᠢᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ | ᠪᠠ ᠡᠯ᠎ᠡ ᠠᠷᠠᠳ ᠤᠨ ᠪᠦᠯᠬᠦᠮ᠂ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ | ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ | ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠡᠭᠦᠨ ᠤ ᠬᠠᠮᠲᠤ᠂ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨ ᠬᠦ ᠴᠥᠭᠡᠨ ᠪᠤᠰᠤ | ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠣᠯᠵᠤ ᠬᠠᠷᠠᠪᠠ᠄ ᠨᠢᠭᠡ ᠳᠤ ᠠᠵᠤ ᠠᠬᠤᠢ ᠶᠢᠨ | ᠪᠠᠭᠲᠠᠭᠠᠮᠵᠢ ᠶᠡᠭᠡ ᠪᠢᠰᠢ᠂ ᠡᠷᠬᠢᠨ ᠲᠣᠭᠤᠷᠢᠨ ᠢᠶᠠᠨ ᠨᠥᠯᠥᠭᠡᠯᠡᠬᠦ᠂ ᠬᠥᠭᠵᠢᠯᠲᠡ ᠶᠢ ᠳᠠᠶᠢᠴᠢᠯᠠᠬᠤ ᠣᠷᠣᠨ ᠤ ᠲᠥᠪ | ᠬᠤᠲᠠ ᠶᠢᠨ ᠳᠠᠪᠠᠭᠤᠯᠢᠭ ᠪᠠᠰᠠ ᠢᠯᠡᠷᠬᠡᠢ ᠪᠤᠯᠤᠭᠠᠳᠤᠢ᠃ ᠬᠤᠶᠠᠷ ᠲᠤ ᠠᠵᠤ ᠦᠢᠯᠡᠰ ᠤᠨ ᠰᠠᠭᠤᠷᠢ ᠪᠠᠲᠤ ᠪᠠᠬᠢ | ᠪᠢᠰᠢ᠂ ᠨᠢᠭᠡᠳᠦᠭᠡᠷ ᠠᠵᠤ ᠦᠢᠯᠡᠰ ᠤᠨ ᠬᠡᠪᠴᠢᠶ᠎ᠡ ᠨᠡᠯᠢᠶᠡᠳ ᠪᠠᠭ᠎ᠠ᠂ ᠬᠤᠶᠠᠳᠤᠭᠠᠷ ᠠᠵᠤ ᠦᠢᠯᠡᠰ ᠤᠨ ᠪᠦᠲᠦᠴᠡ | ᠳᠠᠩ ᠴᠤᠯᠭᠤᠶ᠂ ᠭᠤᠷᠪᠠᠳᠤᠭᠠᠷ ᠠᠵᠤ ᠦᠢᠯᠡᠰ ᠤᠨ ᠳᠠᠪᠠᠭᠤᠯᠢᠭ ᠰᠢᠯᠢᠳᠡᠭ ᠪᠤᠰᠤ ᠪᠠᠶᠢᠵᠤ᠂ ᠠᠵᠤ | ᠦᠢᠯᠡᠳᠪᠦᠷᠢ ᠶᠢᠨ ᠬᠡᠰᠡᠭ ᠬᠦᠷᠢᠶ᠎ᠡ ᠴᠠᠷᠠᠭ᠎ᠠ ᠨᠢ ᠵᠠᠬ᠎ᠠ ᠳᠡᠯᠭᠡᠭᠦᠷ ᠤᠨ ᠶᠠᠳᠠᠷᠠᠯ ᠤᠨ ᠨᠥᠯᠥᠭᠡ ᠶᠢ ᠬᠦᠷᠲᠡᠵᠦ᠂ | ᠪᠦᠬᠦᠯᠢ ᠴᠣᠭᠴᠠ ᠶᠢᠨ ᠠᠵᠤ ᠦᠢᠯᠡᠳᠪᠦᠷᠢ ᠶᠢᠨ ᠳᠡᠭᠡᠭᠰᠢᠯᠡᠬᠦ ᠬᠠᠨᠳᠤᠰᠢ ᠶᠢ ᠤᠳᠠᠭᠠᠰᠢᠷᠠᠭᠤᠯᠵᠤ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠪᠠᠶᠢᠳᠠᠯ ᠲᠡᠶᠢᠮᠦ ᠪᠠᠶᠠᠯᠢᠭ | ᠪᠢᠰᠢ ᠪᠠᠶᠢᠵᠤ᠂ ᠪᠠᠰᠠ ᠪᠦᠲᠦᠮᠵᠢᠲᠡᠶ ᠲᠠᠲᠠᠬᠤ ᠬᠦᠴᠦᠨ ᠢ ᠪᠦᠷᠢᠯᠳᠦᠭᠦᠯᠦᠭᠡᠳᠦᠶ᠃ ᠭᠤᠷᠪᠠ ᠳᠤ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠴᠢᠩᠭ᠎ᠠ ᠪᠢᠰᠢ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ | ᠠᠭᠤᠰᠤᠯᠴᠠᠯ ᠨᠢᠭᠲᠠ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ ᠴᠢᠳᠠᠪᠤᠷᠢ ᠣᠷᠣᠨ ᠤ | ᠲᠥᠪ ᠬᠤᠲᠠ ᠶᠢᠨ ᠪᠠᠶᠢᠷᠢ ᠰᠠᠭᠤᠷᠢ ᠲᠠᠢ ᠵᠣᠬᠢᠴᠠᠬᠤ ᠦᠭᠡᠢ ᠪᠠᠶᠢᠨ᠎ᠠ᠃ ᠲᠦᠷᠪᠡ ᠳᠤ ᠰᠤᠷᠭᠠᠨ ᠬᠥᠮᠦᠵᠢᠯ᠂ ᠡᠮ | ᠡᠮᠨᠡᠯᠭᠡ᠂ ᠵᠠᠮ ᠬᠠᠷᠢᠯᠴᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠦᠢᠯᠡᠰ ᠨᠢ ᠬᠥᠮᠦᠨ ᠠᠮᠠ ᠶᠢᠨ ᠲᠦᠷᠭᠡᠨ | ᠲᠥᠪᠯᠡᠷᠡᠯ ᠲᠠᠢ ᠵᠡᠷᠭᠡᠴᠡᠵᠦ ᠳᠡᠶᠢᠯᠬᠦ ᠦᠭᠡᠢ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ ᠢ ᠪᠠᠰᠠ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠃ ᠡᠭᠦᠨ ᠠᠴᠠ ᠭᠠᠳᠠᠨ᠎ᠠ᠂ ᠵᠠᠷᠢᠮ | ᠤᠳᠤᠷᠢᠳᠬᠤ ᠺᠠᠳ᠋ᠷ ᠤᠨ ᠰᠢᠨ᠎ᠡ ᠶᠢ ᠡᠭᠦᠳᠬᠦ ᠤᠬᠠᠮᠰᠠᠷ ᠴᠢᠩᠭ᠎ᠠ ᠪᠢᠰᠢ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ | ᠴᠢᠷᠮᠠᠶᠢᠯᠭ᠎ᠠ ᠭᠠᠷᠭᠠᠬᠤ ᠨᠢ ᠬᠦᠷᠦᠯᠴᠡᠬᠦ ᠦᠭᠡᠢ᠂ ᠵᠠᠷᠢᠮ ᠨᠢ ᠪᠣᠳᠣᠬᠤ ᠵᠣᠷᠢᠭ ᠦᠭᠡᠢ᠂ ᠵᠠᠷᠢᠮ ᠨᠢ ᠬᠢᠬᠦ ᠳᠤᠷ᠎ᠠ | ᠦᠭᠡᠢ᠂ ᠵᠠᠷᠢᠮ ᠨᠢ ᠬᠢᠵᠦ ᠴᠢᠳᠠᠬᠤ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠠᠰᠠᠭᠤᠳᠠᠯ ᠴᠥᠭᠡᠨ ᠪᠤᠰᠤ | ᠂ ᠬᠦᠴᠢᠷᠳᠡᠯ ᠮᠠᠰᠢ ᠣᠯᠠᠨ ᠪᠠᠶᠢᠨ᠎ᠠ᠂ ᠪᠢᠳᠡ ᠵᠠᠪᠠᠯ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ | ᠠᠰᠠᠭᠤᠳᠠᠯ ᠳᠤ ᠰᠢᠭᠤᠳ ᠬᠠᠨᠳᠤᠵᠤ᠂ ᠨᠠᠩ ᠬᠠᠨᠳᠤᠯᠭᠠᠲᠤ ᠴᠢᠨᠠᠷᠲᠠᠶ᠂ ᠨᠠᠩ ᠪᠦᠲᠦᠮᠵᠢᠲᠡᠶ ᠠᠷᠭ᠎ᠠ ᠬᠡᠮᠵᠢᠶ᠎ᠡ | ᠠᠪᠴᠤ᠂ ᠵᠦᠢᠯ ᠳᠠᠷᠠᠭᠠᠯᠠᠨ ᠠᠬᠢᠭᠤᠯᠵᠤ᠂ ᠪᠥᠬᠦ ᠲᠠᠯ᠎ᠠ ᠪᠠᠷ ᠰᠢᠢᠳᠪᠦᠷᠢᠯᠡᠨ᠎ᠡ᠃ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠦᠷᠲᠡᠭᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠡᠬᠢᠯᠡᠯᠲᠡ ᠶᠢᠨ ᠵᠢᠯ ᠮᠥᠨ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠬᠤᠶᠠᠳᠤᠭᠠᠷ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ | ᠨᠢᠭᠡ ᠭᠤᠤᠯ ᠰᠢᠵᠢᠮ︾ ᠢ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ | ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ | ᠠᠬᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠪᠥᠬᠦ | ᠬᠦᠴᠦᠨ ᠢᠶᠠᠷ ᠢᠶᠠᠨ ᠬᠡᠷᠡᠭᠵᠢᠭᠦᠯᠦᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠵᠢᠯ ᠤᠨ | ᠡᠯ᠎ᠡ ᠵᠦᠢᠯ ᠤᠨ ᠡᠭᠦᠷᠭᠡ ᠬᠠᠷᠠᠯᠲᠠ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ | ᠥᠭᠭᠦᠨ᠎ᠡ᠃ | ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠦᠬᠦ ᠲᠤᠭ᠎ᠠ ᠶᠢ 12% ᠣᠷᠴᠢᠮ ᠨᠡᠮᠡᠭᠳᠡᠭᠦᠯᠵᠦ᠂ ᠪᠦᠬᠦ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ | ᠦᠨᠳᠦᠰᠦᠨ ᠳᠤ ᠪᠠᠨ ᠠᠳᠠᠯᠢ ᠪᠣᠯᠭᠠᠨ᠎ᠠ᠃ ᠭᠤᠣᠯᠳᠠᠯᠭ᠎ᠠ ᠲᠠᠢ ᠲᠥᠷᠥᠯ ᠵᠦᠢᠯ ᠢ 1200 ᠠᠴᠠ ᠳᠡᠭᠡᠭᠰᠢ | ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠶᠢᠯᠭᠠᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 400 ᠠᠴᠠ ᠳᠡᠭᠡᠭᠰᠢ ᠲᠠᠲᠠᠨ | ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ | ︵ᠨᠢᠭᠡ︶ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠬᠦᠯᠦᠨ᠎ᠡ | ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠨᠢᠭᠲᠠ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠤᠯᠪᠣᠯᠳᠤᠨ ᠬᠡᠯᠬᠢᠶᠡᠵᠢᠬᠦ ᠶᠢ ᠵᠡᠷᠭᠡᠪᠡᠷ ᠠᠬᠢᠭᠤᠯᠤᠨ᠂ | ᠥᠪᠡᠷᠲᠡᠭᠡᠨ ᠵᠠᠰᠠᠬᠤ ᠣᠷᠣᠨ ᠤ ︽ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ︾ ︽ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠱᠠᠭᠠᠷᠳᠠᠯᠭ᠎ᠠ ᠶᠣᠰᠣᠭᠠᠷ᠂ ︽ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ︾ ᠤᠨ ᠲᠥᠷᠥᠯ ᠵᠦᠢᠯ 490 ᠶᠢ ᠬᠡᠷᠡᠭᠵᠢᠭᠦᠯᠵᠦ᠂ 900 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ | ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠳᠠᠭᠠᠭᠤᠯᠤᠭᠴᠢ ᠪᠣᠯᠭᠠᠭᠰᠠᠨ ᠪᠣᠬᠢᠷᠲᠤᠯ ᠦᠭᠡᠶ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠪᠦᠬᠦ | ᠬᠦᠴᠦᠨ ᠢᠶᠠᠷ ᠢᠶᠠᠨ ᠠᠬᠢᠭᠤᠯᠤᠨ᠎ᠠ᠃ ᠢᠯᠢ ᠶᠢᠨ ᠰᠦᠨ ᠲᠠᠯᠬ᠎ᠠ ᠶᠢᠨ ᠭᠤᠷᠪᠠᠳᠤᠭᠠᠷ ᠬᠤᠭᠤᠴᠠᠭ᠎ᠠ᠂ ᠪᠢᠰᠢᠯᠠᠭ ᠤᠨ | ᠭᠤᠷᠪᠠᠳᠤᠭᠠᠷ ᠬᠤᠭᠤᠴᠠᠭ᠎ᠠ᠂ ᠮᠧᠩ ᠨᠢᠦ ᠰᠦᠨ ᠤ ᠲᠡᠮᠦᠷ ᠤᠭᠤᠷᠠᠭ ᠢ ᠡᠳ᠋ᠰᠢᠭᠦᠯᠬᠦ᠂ ᠶᠢᠰᠦᠳᠦᠭᠡᠷ | ᠬᠤᠭᠤᠴᠠᠭᠠᠨ ᠤ ᠰᠦᠨ ᠲᠠᠯᠬ᠎ᠠ᠂ ᠱᠧᠩ ᠮᠥ ᠳᠣᠤᠷ᠎ᠠ ᠳᠤᠯᠠᠭᠠᠨ ᠳᠤ ᠡᠳᠦᠷ ᠲᠤ 500 ᠲᠣᠨ ᠰᠦᠨ ᠲᠠᠯᠬ᠎ᠠ | ᠦᠢᠯᠡᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ | ᠃ ᠰᠦᠨ ᠲᠠᠯᠬ᠎ᠠ ᠶᠢᠨ ᠤᠯᠤᠰ ᠤᠨ ᠨᠥᠭᠡᠴᠡ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠳ᠋ᠢ ᠰᠧ ᠮᠠᠨ — ᠹᠧᠨ ᠮᠧᠶ ᠢ ᠺᠣᠮᠫᠠᠨᠢ ᠶᠢᠨ ᠠᠰᠢᠭᠲᠠᠢ ᠪᠠᠺᠲ᠋ᠧᠷᠢ ᠶᠢᠨ ᠲᠥᠷᠥᠯ ᠵᠦᠢᠯ ᠢ ᠲᠠᠲᠠᠨ | ᠰᠠᠭᠤᠷᠢᠰᠢᠭᠤᠯᠤᠨ᠎ᠠ᠃ ᠶᠢᠦ ᠷᠠᠨ ᠮᠠᠯ ᠠᠵᠤ ᠠᠬᠤᠶ᠂ ᠮᠧᠩ ᠼᠤᠤ ᠪᠦᠯᠦᠭᠯᠡᠯ ᠤᠨ ᠲᠡᠵᠢᠭᠡᠯ ᠡᠪᠡᠰᠦᠨ ᠤ ᠠᠵᠤ | ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠵᠦ ᠪᠠᠶᠢᠭᠤᠯᠤᠨ᠎ᠠ᠃ ᠢᠦᠢ ᠴᠢᠤᠸᠠᠨ ᠲᠣᠭᠤᠷᠢᠭ ᠤᠨ ᠢᠳᠡᠭᠡᠨ ᠤ | ᠠᠵᠤ ᠦᠢᠯᠡᠰ ᠤᠨ ᠬᠦᠷᠢᠶᠡᠯᠡᠩ᠂ ᠦᠴᠤᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠣᠭᠤᠷᠢᠭ ᠢ ᠳᠡᠰ ᠳᠡᠪᠰᠢᠭᠦᠯᠵᠦ᠂ ᠪᠥᠭᠡᠮᠨᠡᠷᠡᠯ ᠤᠨ | ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠬᠦᠷᠭᠡᠨ᠂ ︽ᠳᠤᠮᠳᠠᠳᠤ ᠤᠯᠤᠰ ᠤᠨ ᠰᠦ ᠶᠢᠨ | ᠬᠤᠲᠠ︾ ᠶᠢᠨ ᠨᠡᠷ᠎ᠡ ᠶᠢᠨ ᠬᠠᠭᠤᠳᠠᠰᠤ ᠶᠢ ᠨᠠᠩ ᠭᠡᠷᠡᠯᠲᠦᠭᠦᠯᠵᠦ᠂ ᠪᠥᠬᠦ ᠬᠦᠴᠦᠨ ᠢᠶᠠᠷ ᠢᠶᠠᠨ ︽ᠳᠡᠯᠡᠬᠡᠶ ᠶᠢᠨ | ᠰᠦ ᠶᠢᠨ ᠬᠤᠲᠠ︾ ᠲᠡᠶᠢᠰᠢ ᠤᠷᠤᠭᠰᠢᠯᠠᠨ᠎ᠠ᠃ | ᠪᠣᠬᠢᠷᠲᠤᠯ ᠦᠭᠡᠢ ᠴᠠᠬᠢᠯᠭᠠᠨ ᠬᠦᠴᠦᠨ ᠢᠶᠠᠷ ᠤᠳᠤᠷᠢᠳᠤᠮᠵᠢ ᠪᠣᠯᠭᠠᠭᠰᠠᠨ ᠰᠢᠨ᠎ᠡ ᠡᠨᠧᠷᠭᠢ ᠶᠢᠨ ᠠᠵᠤ | ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠶᠢᠨ ᠱᠠᠨ ᠴᠠᠬᠢᠯᠭᠠᠨ ᠦᠢᠯᠡᠳᠪᠦᠷᠢ ᠶᠢᠨ | ᠭᠤᠷᠪᠠᠳᠤᠭᠠᠷ ᠬᠤᠭᠤᠴᠠᠭ᠎ᠠ᠂ ᠲᠤᠭᠳᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠨᠣᠭᠤᠭᠠᠨ ᠴᠠᠬᠢᠯᠭᠠᠨ ᠤ ᠬᠠᠩᠭᠠᠯᠭ᠎ᠠ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠤᠷᠤᠭᠤᠯᠤᠨ᠎ᠠ᠃ 140 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ | ᠬᠤᠶᠠᠳᠤᠭᠠᠷ ᠬᠤᠭᠤᠴᠠᠭ᠎ᠠ᠂ ᠬᠤᠩ ᠱᠧᠩ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ᠂ ᠯᠦᠩ ᠵᠢᠢ ᠰᠠᠯᠬᠢ ᠭᠡᠷᠡᠯ ᠤᠰᠤᠲᠥ᠋ᠷᠥᠭᠴᠢ ᠰᠢᠪᠲᠦᠷ ᠠᠯᠺᠣᠣᠯ ᠢ ᠨᠢᠭᠡ ᠴᠣᠭᠴᠠᠵᠢᠭᠤᠯᠬᠤ᠂ | ᠲᠢᠶᠠᠨ ᠬᠤᠤ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ᠂ ᠶᠤᠸᠠᠨ ᠵᠢᠩ 100 | ᠲᠦᠮᠡᠨ ᠺᠢᠯᠣᠸᠠᠲ ᠤᠨ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠰᠢᠨ ᠶᠤᠸᠠᠨ ᠵᠢᠩ ᠶᠡᠷᠦᠩᠬᠡᠢ | ᠬᠡᠯᠲᠡᠰ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠴᠢᠩ | ᠱᠦᠢ ᠾᠧ ᠶᠢᠨ 100 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠪᠥᠭᠡᠮᠨᠡᠷᠡᠯ ᠤᠨ ᠦᠢᠯᠡᠳᠬᠦᠨ ᠤ ᠦᠷᠳᠡᠭ ᠢ | 880 ᠳ᠋ᠦᠩᠰᠢᠭᠤᠷ ᠲᠥᠭᠦᠷᠢᠭ ᠬᠦᠷᠭᠡᠨ᠎ᠡ᠃ | ᠨᠡᠭᠦᠷᠡᠰᠦᠲᠥ᠋ᠷᠥᠭᠴᠢ ᠰᠠᠭᠤᠷᠢ᠂ ᠴᠠᠬᠢᠭᠤᠷ ᠰᠠᠭᠤᠷᠢ ᠮᠠᠲ᠋ᠧᠷᠢᠶᠠᠯ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠲ᠋ᠧᠰ ᠰᠢᠨ᠎ᠡ ᠡᠨᠧᠷᠭᠢ ᠶᠢᠨ ᠭᠡᠷᠡᠯ | ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ ᠬᠤᠭᠤᠴᠠᠭ᠎ᠠ᠂ ᠰᠢᠨ ᠶᠤᠸᠠᠨ 5GW᠂ ᠬᠤᠸᠠᠨ | ᠱᠧᠩ 10GW ᠶᠢᠨ ᠥᠨᠳᠥᠷ ᠪᠦᠲᠦᠮᠵᠢᠲᠦ ᠨᠡᠷᠡᠨ ᠡᠨᠧᠷᠭᠢ ᠶᠢᠨ ᠲᠣᠨᠤᠭ ᠲᠥᠬᠦᠭᠡᠷᠦᠮᠵᠢ ᠵᠡᠷᠭᠡ ᠲᠥᠷᠥᠯ | ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠴᠠᠩ ᠷᠦᠢ ᠬᠠᠭᠠᠰ ᠳᠠᠮᠵᠢᠭᠤᠯᠤᠭᠴᠢ᠂ | ᠵᠢᠦᠢ ᠼᠢ ᠳᠡᠭᠡᠳᠦ ᠴᠡᠪᠡᠷ ᠨᠢᠲᠷᠢᠳ᠋ ᠶᠢᠨ ᠡᠯᠧᠺᠲᠷᠤᠨ ᠱᠠᠭᠠᠵᠠᠩ ᠮᠠᠲ᠋ᠧᠷᠢᠶᠠᠯ ᠵᠡᠷᠭᠡ ᠲᠥᠷᠥᠯ ᠵᠦᠢᠯ ᠢ | ᠲᠦᠷᠭᠡᠳᠬᠡᠨ ᠪᠠᠶᠢᠭᠤᠯᠤᠨ᠎ᠠ᠃ ᠰᠠᠢ ᠱᠧᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠰᠢᠶᠧ | ᠰᠢᠨ ᠨᠠᠨᠤ᠋ ᠴᠠᠬᠢᠭᠤᠷ᠂ ᠰᠢᠤᠢ ᠶᠠᠩ 360 ᠲᠦᠮᠡᠨ ᠲᠣᠨ ᠬᠡᠦᠷᠰᠢᠭᠦᠯᠬᠦ ᠶᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠨ ᠠᠰᠢᠭᠯᠠᠬᠤ᠂ ᠳᠤᠮᠳᠠᠳᠤ ᠤᠯᠤᠰ ᠤᠨ ᠣᠩᠭᠤᠴᠠᠨ ᠤ ᠣᠨᠴᠠ ᠲᠥᠷᠥᠯ ᠤᠨ ᠬᠡᠢ ᠪᠡᠶᠡᠲᠦ ᠶᠢᠨ | ᠳᠡᠭᠡᠳᠦ ᠴᠡᠪᠡᠷ ᠡᠯᠧᠺᠲᠷᠣᠨ ᠬᠡᠶ ᠪᠡᠶᠡᠲᠦ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | ᠠᠮᠢᠳᠤ ᠪᠣᠳᠠᠰ ᠤᠨ ᠸᠠᠺᠼᠢᠨ᠂ ᠨᠡᠶᠢᠯᠡᠮᠡᠯ ᠠᠮᠢᠳᠤ ᠪᠣᠳᠠᠰ ᠢᠶᠠᠷ ᠣᠨᠴᠠᠯᠢᠭ ᠪᠣᠯᠭᠠᠭᠰᠠᠨ ᠠᠮᠢᠳᠤ ᠪᠣᠳᠠᠰ ᠤᠨ | ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠠᠩ ᠱᠧᠩ ᠡᠮ | ᠦᠢᠯᠡᠳᠬᠦ ᠳᠠᠭᠠᠭᠤᠯᠤᠭᠴᠢ ᠦᠢᠯᠡᠳᠪᠦᠷᠢ᠂ ᠶᠢᠨ ᠢᠦᠶ ᠭᠦᠩ ᠯᠢ ᠶᠢᠨ ᠡᠩᠬᠦᠷᠡᠶ ᠠᠮᠢᠲᠠᠨ ᠤ ᠸᠠᠺᠼᠢᠨ᠂ ᠱᠧᠨ | ᠺᠠᠩ ᠡᠮ ᠡᠮᠨᠡᠯᠭᠡ ᠶᠢᠨ ᠲᠠᠷᠢᠬᠢ ᠮᠠᠰᠢᠨ ᠤ ᠵᠠᠯᠭᠠᠭᠤᠷ ᠤᠨ ᠳᠡᠭᠡᠳᠦ ᠲᠠᠰ ᠤᠨ ᠦᠢᠯᠡᠳᠭᠡᠯ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠺᠧ ᠲᠦᠸᠧ ᠢᠳᠡᠭᠡᠨ ᠤ ᠠᠰᠢᠭᠲᠠᠢ ᠪᠠᠺᠲ᠋ᠧᠷᠢ ᠶᠢᠨ | ᠨᠡᠶᠢᠲᠡᠯᠢᠭ ᠮᠡᠷᠭᠡᠵᠢᠯ᠂ ᠤᠤ ᠫᠦ᠋ ᠰᠠᠢ ᠠᠮᠢᠲᠠᠨ ᠤ ᠴᠢᠰᠤᠨ ᠤ ᠴᠠᠶᠢᠪᠠᠩ᠂ ᠶᠢᠨ ᠳ᠋ᠠ ᠸᠧᠶ ᠵᠡᠷᠭᠡ ᠰᠤᠳᠤᠯᠤᠨ | ᠨᠡᠭᠡᠭᠡᠬᠦ ᠲᠥᠪ ᠢ ᠵᠢᠩᠬᠢᠨᠢ ᠪᠠᠷ ᠠᠵᠢᠯᠯᠠᠭᠤᠯᠤᠨ᠎ᠠ᠃ ᠷᠦᠢ ᠫᠦ᠋ ᠮᠢᠺᠷᠣᠪ ᠤᠨ ᠤᠭᠤᠷᠠᠭ ᠤᠨ ᠦᠢᠯᠡᠳᠪᠦᠷᠢᠯᠡᠯᠲᠡ᠂ | ᠬᠤᠸᠠ ᠰᠦ᠋ ᠠᠮᠢᠳᠤ ᠪᠣᠳᠠᠰ ᠤᠨ ᠬᠦᠴᠦᠯᠢᠭ ᠬᠦᠬᠡᠴᠦᠰᠦ᠂ ᠬᠤᠸᠠ ᠷᠦᠨ ᠱᠤᠸᠠᠩ ᠾᠧ ᠨᠡᠶᠢᠯᠡᠮᠡᠯ ᠠᠮᠢᠳᠤ | ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠤᠨ᠎ᠠ᠃ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠲᠤ ᠠᠮᠢᠳᠤ ᠪᠣᠳᠠᠰ ᠤᠨ ᠣᠶᠣᠨᠴᠢ ᠦᠢᠯᠡᠳᠬᠦ ᠬᠦᠨᠳᠡᠢ ᠶᠢ | ᠡᠬᠢᠯᠡᠵᠦ ᠪᠠᠶᠢᠭᠤᠯᠤᠨ᠂ ᠪᠦᠭᠡᠮᠨᠡᠷᠡᠯ ᠤᠨ ᠦᠢᠯᠡᠳᠬᠦᠨ ᠤ ᠥᠷᠲᠡᠭ ᠢ 220 ᠳ᠋ᠦᠩᠰᠢᠭᠤᠷ ᠲᠥᠭᠦᠷᠢᠭ ᠲᠤ | ᠬᠦᠷᠭᠡᠨ᠎ᠡ᠃ | ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ᠂ ᠬᠢᠮᠡᠯ ᠤᠶᠤᠨ ᠢᠶᠠᠷ ᠲᠤᠯᠭᠠᠭᠤᠷᠢᠯᠠᠯ ᠪᠣᠯᠭᠠᠭᠰᠠᠨ ᠰᠢᠨ᠎ᠡ | ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ | ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ | ᠬᠤᠶᠠᠳᠤᠭᠠᠷ ᠬᠤᠭᠤᠴᠠᠭ᠎ᠠ᠂ ᠭᠠᠯᠲᠤ ᠠᠭᠤᠯᠠ ᠬᠥᠳᠡᠯᠭᠡᠭᠦᠷ ᠪᠤᠳᠤᠯᠭ᠎ᠠ ᠶᠢᠨ ᠬᠦᠴᠦᠨ ᠤ ᠲᠥᠪ ᠤᠨ ᠨᠢᠭᠡᠳᠦᠭᠡᠷ | ᠬᠤᠭᠤᠴᠠᠭ᠎ᠠ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠲᠠᠷᠢᠶᠠᠯᠠᠩ ᠤᠨ | ᠪᠠᠩᠬᠢ ᠶᠢᠨ ᠲᠤᠭ᠎ᠠ ᠪᠠᠷᠢᠮᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠤᠷᠤᠭᠤᠯᠤᠨ᠎ᠠ᠃ ᠵᠢᠦ ᠵᠧᠦ ᠣᠶᠤᠨᠴᠢ ᠪᠣᠳᠣᠯᠲᠠ᠂ ᠬᠤᠸᠠ ᠵᠦ ᠣᠶᠤᠨᠴᠢ ᠪᠣᠳᠣᠯᠲᠠ᠂ ᠭᠤᠸᠠᠩ ᠬᠤᠸᠠᠨ ᠰᠢᠨ᠎ᠡ | ᠰᠦᠯᠵᠢᠶ᠎ᠡ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠬᠤᠤ ᠶᠠᠩ ᠡᠭᠦᠯᠡᠨ ᠲᠣᠮᠣ ᠳ᠋ᠠᠶᠢᠲ᠋ᠠ ᠶᠢᠨ | ᠰᠢᠨᠵᠢᠯᠡᠭᠡ ᠮᠡᠷᠭᠡᠵᠢᠯ ᠤᠨ ᠲᠥᠪ᠂ ︽ᠪᠡᠭᠡᠵᠢᠩ ᠤᠨ ᠲᠤᠭ᠎ᠠ ᠶᠢ ᠥᠪᠥᠷ ᠮᠣᠩᠭᠤᠯ ᠳᠤ ᠪᠣᠳᠣᠬᠤ︾ ᠣᠶᠤᠨᠴᠢ | ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠰᠢᠨᠵᠢᠯᠡᠬᠦ ᠤᠬᠠᠭᠠᠨ ᠤ | ᠬᠦᠷᠢᠶᠡᠯᠡᠩ᠂ ᠠᠷᠠᠳ ᠤᠨ ᠳᠠᠭᠠᠳᠬᠠᠯ ᠤᠨ ᠪᠦᠯᠦᠭᠯᠡᠯ᠂ ᠫᠦ᠋ ᠹᠠ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠵᠡᠷᠭᠡ | ᠲᠥᠷᠥᠯ ᠵᠦᠢᠯ ᠢ ᠠᠵᠢᠯ ᠡᠬᠢᠯᠡᠭᠦᠯᠵᠦ ᠪᠠᠶᠢᠭᠤᠯᠤᠨ᠎ᠠ᠃ ᠪᠠᠢ ᠳ᠋ᠦ᠋᠂ ᠲᠢᠺ ᠲᠣᠺ᠂ ᠭᠤᠷᠪᠠ ᠵᠢᠷᠭᠤᠭ᠎ᠠ ᠲᠡᠭ᠂ ᠸᠠᠩ | ᠢ᠂ ᠬᠠᠨ ᠸᠠᠩ ᠰᠢᠨᠵᠢᠯᠡᠭᠡ ᠮᠡᠷᠭᠡᠵᠢᠯ ᠵᠡᠷᠭᠡ ᠳᠡᠭᠡᠳᠦ ᠲᠠᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ | ᠬᠠᠪᠲᠠᠭᠠᠢ ᠶᠢ ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ ᠲᠤᠷᠰᠢᠯᠲᠠ ᠶᠢᠨ | ᠴᠡᠭ ᠤᠨ ᠡᠭᠦᠷᠭᠡ ᠶᠢ ᠡᠭᠦᠷᠭᠡᠯᠡᠨ᠎ᠡ᠃ ᠪᠤᠳᠤᠯᠭ᠎ᠠ ᠶᠢᠨ ᠬᠦᠴᠦᠨ ᠤ ᠶᠡᠷᠦᠩᠬᠡᠶ ᠬᠡᠪᠴᠢᠶ᠎ᠡ ᠶᠢ 10 ᠲᠦᠮᠡᠨ P ᠠᠴᠠ | ᠳᠡᠭᠡᠭᠰᠢ ᠪᠣᠯᠭᠠᠨ᠂ ᠡᠭᠦᠨ ᠳᠤ ᠣᠶᠣᠨᠴᠢ ᠪᠤᠳᠤᠯᠳᠠ ᠶᠢ 9 ᠲᠦᠮᠡᠨ P ᠠᠴᠠ ᠳᠡᠭᠡᠭᠰᠢ ᠪᠠᠶᠢᠯᠭᠠᠨ᠂ | ᠪᠦᠭᠡᠮᠨᠡᠷᠡᠯ ᠤᠨ ᠡᠵᠡᠩᠨᠡᠯᠲᠡ ᠶᠢᠨ ᠤᠷᠤᠯᠭ᠎ᠠ ᠶᠢ 600 ᠳ᠋ᠦᠩᠰᠢᠭᠤᠷ ᠲᠥᠭᠦᠷᠢᠭ ᠭᠦᠷᠭᠡᠨ᠎ᠡ᠃ 2025 ᠣᠨ ᠤ | ᠳᠤᠮᠳᠠᠳᠤ ᠤᠯᠤᠰ ᠤᠨ ᠪᠣᠬᠢᠷᠲᠤᠯ ᠥᠬᠡᠶ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠰᠠᠶᠢᠲᠤᠷ ᠡᠷᠭᠢᠯᠡᠵᠦ᠂ ︽ | ᠳᠤᠮᠳᠠᠳᠤ ᠤᠯᠤᠰ ᠤᠨ ᠡᠭᠦᠯᠡᠨ ᠬᠥᠨᠳᠡᠶ︾ ᠶᠢ ᠨᠠᠩ ︽ᠦᠨ᠎ᠡ ᠴᠠᠨ᠎ᠠ︾ ᠲᠠᠢ ᠪᠣᠯᠭᠠᠨ᠎ᠠ᠃ | ᠳᠣᠤᠷ᠎ᠠ ᠤᠭᠲᠠᠷᠭᠤᠢ ᠶᠢᠨ ᠠᠵᠤ ᠠᠬᠤᠶ᠂ ᠠᠭᠠᠷ ᠰᠠᠨᠰᠠᠷ ᠤᠨ ᠠᠶᠠᠯᠠᠯ ᠢᠶᠠᠷ ᠲᠥᠯᠥᠭᠡᠯᠡᠭᠦᠯᠦᠭᠰᠡᠨ ᠣᠳᠣ | ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᡁᠢ ᠬᠠᠩ ᠰᠢᠨᠵᠢᠯᠡᠬᠦ ᠤᠬᠠᠭᠠᠨ ᠮᠡᠷᠭᠡᠵᠢᠯ᠂ ᠪᠦᠦ ᠱᠧᠩ ᠳᠡᠭᠡᠳᠦ ᠰᠢᠨᠵᠢᠯᠡᠬᠦ ᠤᠬᠠᠭᠠᠨ | ᠂ ᠵᠢᠢ ᠬᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠢᠯᠣᠭᠤᠴᠢ ᠥᠬᠡᠶ ᠨᠢᠰᠬᠡᠯ ᠦᠢᠯᠡᠳᠬᠦ᠂ ᠵᠢᠢ ᠯᠢ ᠶᠤᠸᠠᠨ | ᠴᠧᠩ ᠬᠤᠳᠠᠯᠳᠤᠭᠠᠨ ᠤ ᠮᠠᠰᠢᠨ ᠲᠡᠷᠭᠡ ᠦᠢᠯᠡᠳᠬᠦ ᠰᠠᠭᠤᠷᠢᠨ ᠭᠠᠵᠠᠷ᠂ ᠶᠤᠸᠠᠨ ᠰᠦ ᠮᠧᠩ ᠲᠠᠢ | ᠤᠰᠤᠲᠥ᠋ᠷᠥᠭᠴᠢ ᠴᠠᠬᠢᠯᠭᠠᠨ ᠬᠥᠳᠡᠯᠭᠡᠭᠦᠷᠲᠦ ᠬᠤᠳᠠᠯᠳᠤᠭᠠᠨ ᠤ ᠮᠠᠰᠢᠨ ᠲᠡᠷᠭᠡ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠱᠤᠸᠠᠩ ᠵᠢᠶᠧ ᠴᠠᠬᠢᠯᠭᠠᠨ ᠤ ᠬᠡᠲᠦ ᠥᠨᠳᠥᠷ | ᠬᠦᠴᠦᠳᠡᠯᠲᠦ ᠬᠦᠴᠦᠳᠡᠯ ᠥᠭᠡᠷᠡᠴᠢᠯᠡᠭᠴᠢ᠂ ᠭᠤᠷᠪᠠ ᠲᠡᠭ ᠵᠢᠷᠭᠤᠭ᠎ᠠ ᠲᠡᠭ ᠬᠡᠲᠦ ᠴᠠᠬᠢᠯᠭᠠᠨ ᠪᠠᠭᠲᠠᠭᠠᠮᠵᠢ ᠵᠡᠷᠭᠡ | ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠤᠨ᠎ᠠ᠃ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠴᠠᠬᠢᠯᠭᠠᠨ | ᠲᠣᠤᠷ ᠤᠨ ᠲᠣᠭᠤᠷᠢᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠲᠤᠰᠠᠯᠠᠬᠤ᠂ ᠭᠠᠮᠰᠢᠭ ᠢ ᠰᠡᠷᠭᠡᠶᠢᠯᠡᠵᠦ | ᠪᠠᠭᠠᠰᠬᠠᠬᠤ ᠵᠡᠷᠭᠡ ᠲᠠᠯ᠎ᠠ ᠳᠤ ᠥᠷᠭᠡᠨ ᠲᠤᠷᠰᠢᠨ ᠬᠡᠷᠡᠭᠯᠡᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ | ᠠᠭᠠᠷ ᠤᠨ ᠪᠠᠶᠢᠴᠠᠭᠠᠯᠲᠠ ᠶᠢᠨ ᠲᠥᠪ᠂ ᠠᠷᠠᠳ ᠤᠨ ᠬᠡᠷᠡᠭᠯᠡᠭᠡᠨ ᠤ ᠵᠢᠯᠣᠭᠤᠴᠢ ᠥᠬᠡᠶ ᠨᠢᠰᠬᠡᠯ ᠤᠨ ᠰᠢᠯᠭᠠᠯᠲᠠ ᠶᠢᠨ | ᠲᠥᠪ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠥᠬᠡᠶ ᠨᠢᠰᠬᠡᠯ ᠤᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ | ︵ᠬᠤᠶᠠᠷ︶ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠳᠠᠪᠠᠭᠤᠯᠢᠭ ᠢ ᠦᠷᠭᠦᠯᠵᠢᠯᠡᠨ ᠴᠣᠭᠴᠠᠯᠠᠨ᠎ᠠ | ᠣᠯᠠᠨ ᠡᠰᠢᠲᠦ ᠬᠡᠷᠡᠭᠯᠡᠭᠡ ᠶᠢ ᠭᠦᠨᠵᠡᠭᠡᠶ ᠥᠷᠭᠡᠳᠬᠡᠨ᠎ᠡ᠃ ᠬᠤᠸᠠ ᠷᠦᠨ ᠸᠠᠨ ᠰᠢᠶᠠᠩ ᠬᠤᠲᠠ᠂ Ole、 | ᠪᠠᠷᠠᠭᠠᠨ ᠤ ᠰᠣᠳᠣᠨ ᠬᠡᠳᠦ ᠳᠡᠯᠭᠡᠭᠦᠷ ᠢ ᠨᠡᠭᠡᠭᠡᠨ ᠡᠵᠡᠩᠨᠡᠵᠦ᠂ ᠾᠦᠢ ᠨᠸᠡᠭ᠂ ᠬᠤᠸᠠ ᠮᠤᠤ ᠵᠡᠷᠭᠡ ᠴᠢᠨᠠᠷ | ᠰᠠᠶᠢᠲᠠᠢ ᠵᠣᠴᠢᠳ ᠤᠨ ᠪᠠᠭᠤᠳᠠᠯ ᠢ ᠢᠳᠡᠪᠬᠢᠲᠡᠶ ᠲᠠᠲᠠᠨ ᠠᠪᠴᠢᠷᠠᠵᠤ᠂ ᠵᠦᠩ ᠱᠠᠨ ᠵᠠᠮ᠂ ᠵᠡᠭᠦᠨ ᠠᠶᠠᠨᠴᠢᠳ ᠤᠨ | ᠥᠷᠲᠡᠭᠡ ᠵᠡᠷᠭᠡ ᠭᠤᠤᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ | ᠪᠠᠶᠠᠯᠢᠭᠵᠢᠭᠤᠯᠤᠨ᠂ ᠠᠩᠬᠠᠨ ᠤ ᠳᠡᠯᠭᠡᠭᠦᠷ ᠪᠠ ᠬᠤᠰᠢᠭᠤᠴᠢ ᠳᠡᠯᠭᠡᠭᠦᠷ ᠢ 20 ᠠᠴᠠ ᠳᠡᠭᠡᠭᠰᠢ ᠰᠠᠭᠤᠷᠢᠰᠢᠭᠤᠯᠤᠨ᠎ᠠ | ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠠᠬᠢᠭᠤᠯᠵᠤ᠂ ᠵᠠᠬᠢᠶᠠᠯᠠᠭᠰᠠᠨ | ᠬᠡᠷᠡᠭᠯᠡᠭᠡ᠂ ᠣᠶᠤᠨᠴᠢ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ ᠵᠡᠷᠭᠡ ᠰᠢᠨ᠎ᠡ ᠬᠠᠯᠠᠮ ᠴᠡᠭ ᠢ ᠬᠥᠮᠥᠵᠢᠭᠦᠯᠵᠦ᠂ | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠨᠠᠷᠢᠯᠢᠭ ᠪᠡᠶ᠎ᠡ ᠰᠤᠪᠢᠯᠠᠯᠲᠠ᠂ ᠪᠤᠭᠤᠷᠤᠯᠴᠤᠳ ᠤᠨ ᠠᠵᠤ | ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠶᠢ ᠪᠠᠶᠢᠷᠢᠰᠢᠭᠤᠯᠵᠤ᠂ ᠣᠷᠣᠨ ᠤ ᠲᠥᠪ ᠬᠤᠲᠠ ᠶᠢᠨ ᠰᠢᠨ᠎ᠡ ᠣᠨ ᠢᠶᠠᠨ | ᠤᠭᠲᠤᠬᠤ᠂ ᠳᠠᠭᠤᠯᠠᠯᠭ᠎ᠠ ᠶᠢᠨ ᠲᠤᠭᠯᠠᠯᠲᠠ ᠶᠢᠨ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃ | ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠦᠢᠯᠡᠰ ᠤᠨ ᠬᠠᠤᠯᠢ ᠶᠢᠨ ᠡᠷᠬᠡᠲᠡᠨ᠂ ᠵᠢᠭᠡᠯᠡᠯᠭᠡ᠂ ᠳ᠋ᠦᠩᠨᠡᠨ | ᠪᠤᠳᠤᠬᠤ ᠵᠡᠷᠭᠡ ︽ᠭᠤᠷᠪᠠ ᠶᠢ ᠪᠣᠳᠠᠲᠠᠶᠢᠵᠢᠭᠤᠯᠬᠤ︾ ᠶᠢ ᠭᠦᠨᠵᠡᠭᠡᠶ ᠠᠬᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ 140 ᠡᠷᠦᠬᠡ ᠶᠢ ᠳᠠᠪᠠᠭᠤᠯᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 1.2 ᠲᠦᠮᠡᠨ | ᠳ᠋ᠦᠩᠰᠢᠭᠤᠷ ᠲᠥᠭᠦᠷᠢᠭ ᠳᠠᠪᠠᠭᠤᠯᠤᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ | ᠮᠥᠩᠭᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠰᠠᠭᠤᠷᠢ | ᠮᠥᠩᠭᠦ ᠶᠢ ᠵᠣᠬᠢᠶᠠᠨ ᠪᠠᠶᠢᠭᠤᠯᠵᠤ᠂ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠲᠤᠰᠬᠠᠶ ᠰᠠᠭᠤᠷᠢ ᠮᠥᠩᠭᠦ ᠳᠤ | ᠲᠦᠭᠰᠢᠭᠦᠷᠢᠲᠡᠢ ᠪᠠᠯᠠ ᠣᠷᠣᠭᠤᠯᠤᠯᠲᠠ ᠬᠢᠬᠦ ᠶᠢ ᠳᠡᠮᠵᠢᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠳᠤ ᠰᠲ᠋ᠣᠺ ᠤᠨ ᠪᠠᠯᠠ ᠣᠷᠣᠭᠤᠯᠤᠯᠲᠠ ᠬᠢᠬᠦ ᠶᠢ ᠵᠣᠷᠢᠭᠵᠢᠭᠤᠯᠤᠨ᠎ᠠ᠃ 2 ᠠᠵᠤ ᠠᠬᠤᠶᠢᠯᠠᠯ ᠵᠠᠬ᠎ᠠ | ᠳᠡᠯᠭᠡᠭᠦᠷ ᠲᠤ ᠭᠠᠷᠬᠤ ᠶᠢ ᠢᠳᠡᠪᠬᠢᠲᠡᠢ ᠠᠬᠢᠭᠤᠯᠵᠤ᠂ ︽ᠲᠡᠭᠷᠢ ᠶᠢᠨ ᠤᠨᠠᠭ᠎ᠠ︾ ᠫᠠᠶᠢᠰᠠ ᠡᠯᠭᠦᠭᠰᠡᠨ ᠠᠵᠤ | ᠠᠬᠤᠶᠢᠯᠠᠯ ᠢ ᠰᠢᠨ᠎ᠡ ᠪᠠᠷ 5 ᠨᠡᠮᠡᠭᠳᠡᠭᠦᠯᠵᠦ᠂ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠶᠢ 1600 ᠳ᠋ᠦᠩᠰᠢᠭᠤᠷ | ᠲᠥᠭᠦᠷᠢᠭ ᠠᠴᠠ ᠳᠠᠪᠠᠭᠤᠯᠵᠤ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︽ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠶ ᠠᠬᠢᠭᠤᠯᠵᠤ᠂ ︽ᠤᠯᠤᠰ ᠤᠨ | ᠲᠡᠤᠬᠡ ᠰᠣᠶᠣᠯ ᠤᠨ ᠨᠠᠷᠠᠲᠤ ᠬᠤᠲᠠ︾ ᠶᠢᠨ ᠨᠠᠷᠠᠲᠤ ᠲᠡᠮᠳᠡᠭᠲᠦ ᠶᠢ ᠰᠠᠶᠢᠲᠤᠷ ᠠᠰᠢᠭᠯᠠᠨ᠂ ︽ᠱᠤᠭᠤᠮᠠᠯ ᠤᠨ | ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠳ᠋ᠠ ᠶᠣᠣ ᠶᠢᠨ ᠰᠣᠶᠣᠯ ᠤᠨ | ᠪᠠᠭᠤᠷᠢ ᠶᠢᠨ ᠴᠡᠴᠡᠷᠯᠢᠭ᠂ ᠰᠢᠷᠦᠢ ᠶᠢᠨ ᠬᠤᠲᠠ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ᠂ ᠯᠢᠶᠤᠤ ᠤᠯᠤᠰ ᠤᠨ ᠴᠠᠭᠠᠨ ᠰᠤᠪᠤᠷᠭ᠎ᠠ ᠶᠢᠨ ᠪᠠᠭᠤᠷᠢ ᠶᠢᠨ ᠴᠡᠴᠡᠷᠯᠢᠭ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠶᠠᠷᠢᠶᠠᠲᠤ ᠵᠦᠴᠦᠭᠡ ︽ᠳᠠᠯᠠᠨ ᠬᠠᠷ᠎ᠠ ᠠᠭᠤᠯᠠ︾᠂ ᠪᠥᠵᠢᠭᠲᠦ ᠵᠦᠴᠦᠭᠡ ︽ | ᠴᠡᠯᠡᠭᠡᠷ ᠲᠠᠯ᠎ᠠ︾᠂ ᠱᠠᠨ ᠰᠢ ᠵᠦᠴᠦᠭᠡ ︽ᠡᠯᠡᠰᠦᠨ ᠴᠦᠯ ᠤᠨ ᠬᠠᠪᠤᠷ︾ ᠵᠡᠷᠭᠡ ᠨᠢᠭᠡ ᠪᠦᠯᠦᠭ ᠰᠣᠳᠣᠨ | ᠵᠦᠴᠦᠭᠡ ᠶᠢ ᠵᠣᠬᠢᠶᠠᠨ ᠪᠦᠲᠦᠭᠡᠵᠦ ᠰᠢᠯᠢᠳᠡᠭᠵᠢᠭᠦᠯᠦᠨ᠎ᠡ᠃ ᠯᠣᠤ ᠨᠢᠦ ᠸᠠᠨ ᠤ ᠬᠠᠲᠤᠨ ᠭᠤᠣᠯ ᠤᠨ ᠶᠡᠭᠡ | ᠬᠠᠪᠴᠢᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠮᠡᠳᠡᠭᠦᠯᠦᠨ ᠭᠤᠶᠤᠴᠢᠯᠠᠬᠤ | ᠠᠵᠢᠯ ᠢ ᠡᠬᠢᠯᠡᠭᠦᠯᠦᠨ᠎ᠡ᠃ ᠬᠦᠬᠡᠬᠤᠲᠠ ᠬᠠᠷᠠᠴᠢᠨ ᠤ ᠲᠡᠮᠦᠷ ᠵᠠᠮ ᠤᠨ ᠰᠡᠯᠡᠭᠦᠴᠡᠨ ᠵᠤᠭᠠᠴᠠᠬᠤ ᠲᠥᠷᠥᠯ ᠵᠦᠢᠯ ᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠦᠨ ᠵᠦᠩ ᠱᠧᠩ ᠯᠧ ᠠᠮᠠᠷᠠᠯᠲᠠ ᠶᠢᠨ ᠣᠷᠣᠨ ᠤ ᠲᠥᠷᠥᠯ ᠵᠦᠢᠯ ᠢ | ᠲᠦᠷᠭᠡᠳᠬᠡᠨ ᠠᠬᠢᠭᠤᠯᠵᠤ᠂ ᠢᠯᠢ ᠲᠠᠯ᠎ᠠ ᠨᠤᠲᠤᠭ ᠤᠨ ᠰᠦᠨ ᠰᠣᠶᠣᠯ ᠤᠨ ᠦᠵᠡᠮᠵᠢ ᠶᠢᠨ ᠣᠷᠣᠨ ᠢ ᠤᠯᠤᠰ ᠤᠨ | 5A ᠳᠡᠰ ᠤᠨ ᠠᠵᠤ ᠦᠢᠯᠡᠳᠪᠦᠷᠢ ᠶᠢᠨ ᠵᠤᠭᠠᠴᠠᠯ ᠤᠨ ᠦᠵᠡᠮᠵᠢ ᠶᠢᠨ ᠣᠷᠣᠨ ᠪᠣᠯᠭᠠᠨ ᠪᠦᠲᠦᠭᠡᠨ | ᠪᠠᠶᠢᠭᠤᠯᠬᠤ ᠪᠠᠷ ᠴᠢᠷᠮᠠᠶᠢᠨ᠎ᠠ᠃ ᠱᠧᠩ ᠱᠦᠢ ᠯᠢᠶᠠᠩ ᠵᠤᠭᠠᠴᠠᠯ ᠤᠨ ᠣᠷᠣᠨ ᠢ ᠪᠦᠬᠦ ᠲᠠᠯ᠎ᠠ ᠪᠠᠷ ᠨᠡᠭᠡᠭᠡᠵᠦ᠂ | ᠬᠠᠳᠠᠲᠤ ᠬᠠᠭᠠᠯᠭ᠎ᠠ᠂ ᠯᠧ ᠮᠦ ᠱᠠᠨ ᠵᠡᠷᠭᠡ 16 ᠳᠠᠯᠠᠨ ᠬᠠᠷ᠎ᠠ ᠠᠭᠤᠯᠠ ᠶᠢᠨ ᠰᠡᠯᠡᠭᠦᠴᠡᠯ ᠤᠨ ᠭᠠᠵᠠᠷ ᠢ ᠠᠯᠬᠤᠮ | ᠠᠯᠬᠤᠮ ᠢᠶᠠᠷ ᠨᠡᠭᠡᠭᠡᠵᠦ᠂ ᠠᠷᠲᠠᠢ ᠵᠤᠭᠠᠴᠠᠯ ᠤᠨ ᠲᠠᠯᠠᠪᠠᠢ᠂ ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ | ᠵᠡᠷᠭᠡ ᠶᠢᠨ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠠᠩᠭᠢ ᠶᠢᠨ ᠠᠶᠢᠯ᠂ ᠤᠰᠤᠨ ᠲᠡᠭᠡᠷᠡᠮ᠎ᠡ | ᠲᠣᠰᠬᠤᠨ᠂ ᠮᠤᠨᠢ ᠠᠭᠤᠯᠠ᠂ ᠤᠰᠤᠲᠤ ᠵᠡᠭᠦᠨ ᠪᠠᠷᠠᠭᠤᠨ ᠲᠣᠰᠬᠤᠨ ᠵᠡᠷᠭᠡ ᠤᠨᠴᠠᠯᠢᠬᠳᠤ ᠵᠢᠵᠢᠭ ᠪᠠᠯᠭᠠᠰᠤᠨ ᠤ | ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠤᠷᠤᠨ ᠤ ᠲᠦᠪ ᠬᠤᠲᠠ ᠶᠢ ᠤᠯᠠᠨ ᠤ ᠦᠵᠡᠵᠦ | ᠲᠤᠭᠤᠷᠢᠬᠤ ᠬᠦᠰᠡᠯᠲᠠᠢ ᠵᠣᠷᠢᠯᠲᠠ ᠭᠠᠵᠠᠷ ᠪᠤᠯᠭᠠᠨ᠎ᠠ᠃ | ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ | ᠲᠦᠷᠭᠡᠳᠬᠡᠨ᠎ᠡ᠃ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ ᠭᠦᠨᠵᠡᠭᠡᠶ | ᠬᠡᠷᠡᠭᠵᠢᠭᠦᠯᠵᠦ᠂ ᠮᠢᠩ ᠫᠢᠨ ᠹᠦ᠋ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ | ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠳᠤᠮᠳᠠᠳᠤ ᠤᠯᠤᠰ ᠤᠨ | ᠲᠠᠷᠢᠶᠠᠯᠠᠩ ᠤᠨ ᠬᠤᠯᠪᠣᠭ᠎ᠠ ᠶᠢᠨ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ ᠡᠯᠧᠺᠲᠷᠤᠨ | ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠵᠢᠶᠠ ᠵᠢᠶᠠ ᠶᠤᠸᠠᠢ ᠬᠦᠢᠲᠡᠨ | ᠬᠡᠯᠬᠢᠶᠡᠲᠦ ᠪᠠᠷᠠᠭᠠᠨ ᠭᠦᠢᠯᠭᠡᠭᠡᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ ᠶᠢ ᠴᠤᠭᠴᠠᠯᠠᠨ᠎ᠠ᠃ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠢᠰᠦ᠂ ᠬᠢᠯᠢ | ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠪᠣᠭᠤᠮᠲᠠ ᠶᠢᠨ ᠬᠢᠨᠠᠨ | ᠬᠠᠮᠢᠶᠠᠷᠬᠤ ᠠᠵᠢᠯ ᠤᠨ ᠲᠠᠯᠠᠪᠤᠷ ᠢ ᠲᠥᠯᠥᠪᠵᠢᠭᠦᠯᠦᠨ ᠪᠠᠶᠢᠭᠤᠯᠵᠤ᠂ ᠤᠮᠠᠷᠠᠲᠤ ᠬᠢᠯᠢ ᠶᠢᠨ ᠣᠯᠠᠨ ᠤᠯᠤᠰ ᠤᠨ | ᠬᠦᠢᠰᠦ ᠭᠠᠷᠠᠮ ᠢ ᠪᠠᠶᠢᠭᠤᠯᠤᠨ᠎ᠠ᠃ ︽ᠲᠢᠶᠠᠨᠵᠢᠨ ︵ᠴᠢᠨ ᠬᠤᠸᠠᠩ ᠳ᠋ᠤᠤ︶ —ᠬᠥᠬᠡᠬᠤᠲᠠ— ᠦᠷᠦᠮᠴᠢ︾ | ᠶᠢᠨ ᠬᠦᠬᠡᠬᠤᠲᠠ ᠳᠠᠬᠢ ᠬᠤᠪᠢᠶᠠᠨ ᠰᠠᠯᠭᠠᠬᠤ ᠲᠥᠪ ᠢ ᠪᠠᠶᠢᠭᠤᠯᠵᠤ᠂ ᠠᠯᠠᠭ ᠠᠭᠤᠯᠠ ᠶᠢᠨ ᠠᠮᠠ᠂ ᠬᠤᠷᠭᠤᠰ ᠪᠠ | ᠡᠷᠢᠶᠡᠨ ᠬᠤᠲᠠ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ | ᠬᠤᠯᠪᠣᠭᠠᠯᠠᠨ ᠲᠡᠭᠡᠭᠡᠪᠦᠷᠢᠯᠡᠬᠦ ᠵᠠᠮ ᠢ ᠨᠡᠭᠡᠭᠡᠨ᠎ᠡ᠃ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ ᠲᠡᠷᠭᠡ ᠶᠢ | ᠲᠥᠪᠯᠡᠷᠡᠭᠦᠯᠵᠦ ᠲᠠᠷᠬᠠᠭᠠᠬᠤ ᠲᠥᠪ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠦᠢᠰᠦ ᠲᠥᠪ ᠢ | ᠲᠦᠷᠭᠡᠳᠬᠡᠨ ᠪᠠᠶᠢᠭᠤᠯᠵᠤ᠂ JSQ ᠵᠢᠰᠢᠶᠡᠨ ᠤ ᠭᠠᠯᠲᠤ ᠲᠡᠷᠭᠡ ᠶᠢᠨ ᠭᠠᠳᠠᠭᠠᠳᠤ ᠳᠤ ᠭᠠᠷᠭᠠᠬᠤ ᠰᠠᠭᠤᠷᠢᠨ | ᠭᠠᠵᠠᠷ ᠢ ᠪᠠᠶᠢᠭᠤᠯᠵᠤ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠡᠨ ᠤ ᠭᠠᠯᠲᠤ ᠲᠡᠷᠭᠡ ᠶᠢ 150 | ᠴᠤᠪᠤᠭ᠎ᠠ ᠠᠴᠠ ᠳᠡᠭᠡᠭᠰᠢ ᠲᠡᠭᠡᠭᠡᠪᠦᠷᠢᠯᠡᠨ ᠶᠠᠪᠤᠭᠤᠯᠤᠨ᠎ᠠ᠃ | ︵ᠭᠤᠷᠪᠠ︶ ᠲᠥᠪ ᠬᠤᠲᠠ ᠶᠢᠨ ᠡᠨᠧᠷᠭᠢ ᠶᠢᠨ ᠳᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ | ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠎ᠡ᠃ | ︽ᠭᠤᠷᠪᠠᠨ ᠳᠡᠰ ᠭᠤᠷᠪᠠᠨ ᠲᠦᠷᠦᠯ︾ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ︽ᠲᠥᠷᠥᠯ ᠵᠦᠢᠯ ᠤᠨ ᠨᠠᠷᠢᠨ ᠬᠠᠭᠤᠳᠠᠰᠤ | ︾ ︽ᠰᠠᠭᠤᠷᠢ ᠭᠦᠢᠴᠡᠳᠬᠡᠯ ᠲᠤᠭ᠎ᠠ︾ ︽ᠨᠡᠮᠡᠭᠳᠡᠬᠦ ᠨᠦᠬᠡᠴᠡᠯᠡᠬᠦ ᠶᠢ ᠬᠤᠯᠪᠣᠭᠳᠠᠭᠤᠯᠬᠤ︾ ᠭᠠᠵᠠᠷ ᠰᠢᠷᠣᠶ ᠶᠢᠨ | ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠡᠷᠡᠭᠯᠡᠬᠦ ᠭᠠᠵᠠᠷ ᠢ ᠳᠠᠪᠠᠭᠤᠯᠢᠭ ᠲᠠᠢ | ᠭᠠᠵᠠᠷ ᠣᠷᠣᠨ ᠤ ᠲᠥᠷᠥᠯ ᠵᠦᠢᠯ ᠲᠦᠪᠯᠡᠷᠡᠭᠰᠡᠨ ᠭᠠᠵᠠᠷ ᠲᠡᠶᠢᠰᠢ ᠬᠡᠯᠪᠡᠶᠢᠯᠭᠡᠨ᠎ᠡ᠃ ︽ᠨᠢᠭᠡᠴᠢ ᠶᠢᠨ ᠡᠵᠡᠮᠳᠡᠯ ᠤᠨ | ᠲᠥᠯᠥᠪᠵᠢᠭᠦᠯᠭᠡ+ᠬᠡᠷᠡᠭᠵᠢᠭᠦᠯᠬᠦ ᠲᠥᠰᠦᠯ︾ ᠤᠨ ᠲᠥᠯᠥᠪᠵᠢᠭᠦᠯᠭᠡ ᠬᠠᠮᠢᠶᠠᠷᠤᠯᠲᠠ ᠶᠢᠨ ᠵᠠᠭᠪᠤᠷ ᠢ ᠲᠦᠷᠦᠭᠦᠯᠡᠨ | ᠬᠡᠷᠡᠭᠵᠢᠭᠦᠯᠵᠦ᠂ ᠲᠥᠪ ᠬᠤᠲᠠ ᠶᠢᠨ ᠲᠣᠭᠤᠷᠢᠭ ᠤᠨ 40 ᠲᠡᠭᠰᠢ ᠳᠥᠷᠪᠡᠯᠵᠢᠨ ᠺᠢᠯᠤᠮᠧᠲᠷ ᠤᠨ ᠨᠢᠭᠡᠴᠢ ᠶᠢᠨ | ᠡᠵᠡᠮᠳᠡᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠵᠠᠮ ᠬᠠᠷᠢᠯᠴᠠᠭ᠎ᠠ ᠶᠢ ᠰᠢᠯᠢᠳᠡᠭᠵᠢᠭᠦᠯᠦᠨ | ᠳᠡᠭᠡᠭᠰᠢᠯᠡᠭᠦᠯᠬᠦ᠂ ᠡᠩ ᠤᠨ ᠪᠠ ᠪᠠᠴᠢᠮ ᠪᠠᠶᠢᠳᠠᠯ ᠳᠤ ᠬᠡᠷᠡᠭᠯᠡᠬᠦ ᠣᠯᠠᠨ ᠨᠡᠶᠢᠲᠡ ᠶᠢᠨ ᠪᠡᠯᠡᠳᠬᠡᠮᠵᠢ ᠶᠢᠨ | ᠪᠠᠶᠢᠷᠢᠰᠢᠭᠤᠯᠤᠯᠲᠠ ᠵᠡᠷᠭᠡ ᠲᠤᠰᠬᠠᠶ ᠲᠥᠯᠥᠪᠵᠢᠭᠦᠯᠭᠡ ᠶᠢᠨ ᠰᠤᠳᠤᠯᠭᠠᠨ ᠢ ᠥᠷᠨᠢᠭᠦᠯᠵᠦ᠂ ᠵᠡᠭᠦᠨ ᠬᠡᠰᠡᠭ ᠤᠨ | ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠲᠣᠭᠤᠷᠢᠭᠰᠠᠨ ᠠᠮᠢ ᠠᠬᠤᠶ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠶ ᠣᠷᠣᠨ ᠢ ᠥᠨᠳᠥᠷ ᠲᠦᠪᠰᠢᠨ ᠢᠶᠠᠷ ᠲᠥᠯᠥᠪᠵᠢᠭᠦᠯᠦᠨ᠎ᠡ᠃ | ᠣᠷᠣᠨ ᠤ ᠲᠥᠪ ᠬᠤᠲᠠ ᠶᠢᠨ ᠨᠥᠯᠥᠭᠡᠯᠡᠬᠦ ᠴᠢᠳᠠᠪᠤᠷᠢ ᠶᠢ ᠴᠢᠩᠭᠠᠳᠬᠠᠨ᠎ᠠ᠃ ᠱᠧᠩ ᠯᠧ ᠣᠯᠠᠨ | ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠶᠠᠯᠠᠯ ᠨᠡᠪᠲᠡᠷᠡᠭᠦᠯᠵᠦ᠂ ᠲᠡᠷᠢᠭᠦᠨ ᠤ ᠪᠠᠷᠢᠮᠵᠢᠶ᠎ᠠ | ᠶᠣᠰᠣᠭᠠᠷ ᠪᠣᠬᠢᠷᠲᠤᠯ ᠥᠬᠡᠶ ᠳᠣᠣᠷ᠎ᠠ ᠨᠡᠭᠦᠷᠡᠰᠦᠳᠦᠷᠦᠭᠴᠢᠲᠦ ᠣᠯᠠᠨ ᠤᠯᠤᠰ ᠤᠨ ᠨᠢᠰᠬᠡᠯ ᠤᠨ ᠪᠠᠭᠤᠳᠠᠯ ᠢ | ᠪᠠᠶᠢᠭᠤᠯᠵᠤ᠂ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠠᠪᠤᠳᠤᠭᠠᠷ ᠠᠶᠠᠯᠠᠯ ᠤᠨ ᠡᠷᠬᠡ ᠶᠢ | ᠴᠢᠷᠮᠠᠶᠢᠨ ᠣᠯᠵᠤ᠂ ᠣᠷᠣᠨ ᠤ ᠲᠥᠪ ᠬᠤᠲᠠ ᠶᠢᠨ ᠭᠠᠳᠠᠭᠠᠳᠤ ᠲᠠᠢ ᠨᠡᠪᠲᠡᠷᠡᠬᠦ ᠰᠢᠨ᠎ᠡ ᠵᠠᠮ ᠢ ᠪᠥᠬᠦ ᠲᠠᠯ᠎ᠠ ᠪᠠᠷ | ᠨᠡᠭᠡᠭᠡᠨ᠎ᠡ᠃ ᠬᠥᠬᠡᠬᠤᠲᠠ ᠪᠤᠭᠤᠲᠤ ᠶᠢᠨ ᠲᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ | ᠬᠤᠭᠤᠷᠣᠨᠳᠣᠬᠢ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠪᠠᠷ | ᠴᠢᠷᠮᠠᠶᠢᠵᠤ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠯᠢᠶᠠᠩᠴᠧᠩ ᠤᠨ | ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ | ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠂ S27 ᠬᠥᠬᠡᠬᠤᠲᠠ ᠣᠷᠳᠣᠰ ᠤᠨ ᠲᠦᠷᠭᠡᠨ ᠤ ᠵᠠᠮ ᠢ ᠠᠵᠢᠯ ᠡᠬᠢᠯᠡᠭᠦᠯᠦᠨ | ᠪᠠᠶᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ ᠵᠠᠮ ᠤᠨ ᠲᠣᠤᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠢ ᠨᠢᠭᠡ ᠴᠤᠭᠴᠠᠵᠢᠭᠤᠯᠬᠤ | ᠠᠬᠢᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠶᠢᠨ ︽ᠨᠢᠭᠡ ᠬᠤᠲᠠᠴᠢᠯᠠᠬᠤ︾ | ᠬᠠᠮᠵᠢᠯᠴᠠᠬᠤ ᠬᠡᠪᠴᠢᠶ᠎ᠡ ᠶᠢ ᠥᠷᠭᠡᠳᠬᠡᠨ᠂ ᠬᠥᠬᠡᠬᠤᠲᠠ ᠶᠢᠨ ᠬᠤᠲᠠ ᠶᠢᠨ ᠴᠠᠭᠠᠷᠢᠭ ᠢ ᠤᠯᠤᠰ ᠤᠨ | ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢ ᠦᠨᠡᠨ ᠬᠦ ᠣᠷᠣᠨ ᠪᠦᠰᠡ ᠶᠢ | ᠬᠥᠲᠥᠯᠦᠨ ᠳᠠᠭᠠᠭᠤᠯᠤᠭᠰᠠᠨ᠂ ᠡᠷᠬᠢᠨ ᠲᠣᠭᠤᠷᠢᠨ ᠢ ᠨᠥᠯᠥᠭᠡᠯᠡᠭᠰᠡᠨ ︽ᠪᠥᠬᠦ ᠤᠯᠤᠰ ᠤᠨ ᠴᠢᠨᠠᠷᠲᠠᠶ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠬᠤᠲᠠ︾ ᠪᠣᠯᠭᠠᠨ᠎ᠠ᠃ | ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠵᠣᠣ ᠤᠳᠠ ᠥᠨᠳᠥᠷ ᠵᠠᠮ ᠪᠠ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠬᠠᠷᠢᠯᠴᠠᠨ | ᠨᠡᠪᠲᠡᠷᠡᠯᠴᠡᠬᠦ ᠵᠦᠷᠢᠯᠢᠭ᠂ ᠴᠢᠩᠭᠢᠰ ᠬᠠᠭᠠᠨ ᠶᠡᠭᠡ ᠵᠡᠭᠡᠯᠢ ᠶᠢᠨ ᠵᠡᠭᠦᠨᠰᠢ ᠤᠷᠲᠤᠳᠬᠠᠬᠤ ᠬᠡᠰᠡᠭ᠂ ᠶᠢᠨ ᠬᠠᠩ ᠶᠡᠭᠡ | ᠵᠠᠮ᠂ ᠶᠦᠨ ᠭᠠᠩ ᠶᠡᠭᠡ ᠵᠡᠭᠡᠯᠢ ᠵᠡᠷᠭᠡ ᠬᠥᠭᠦᠷᠭᠡ ᠵᠠᠮ ᠤᠨ ᠢᠨᠵᠧᠨᠧᠷᠢᠩ ᠢ ᠪᠥᠲᠥᠭᠡᠨ ᠪᠠᠶᠢᠭᠤᠯᠵᠤ᠂ ᠣᠯᠠᠨ | ᠲᠦᠮᠡᠨ ᠤ ᠤᠷᠠᠯᠢᠭ ᠤᠨ ᠣᠷᠳᠣᠨ ᠤ ᠪᠠᠷᠠᠭᠤᠨ ᠭᠤᠳᠤᠮᠵᠢ᠂ ᠾᠦᠢ ᠮᠢᠨ ᠵᠡᠭᠡᠯᠢ ᠵᠡᠷᠭᠡ 19 ︽ᠮᠤᠬᠤᠷ ᠵᠠᠮ︾ ᠢ | ᠨᠡᠪᠲᠡᠷᠡᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ | ᠵᠡᠷᠭᠡ ᠬᠡᠰᠡᠭ ᠣᠷᠣᠨ ᠤ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠦᠨ᠎ᠡ᠃ ︽ᠬᠠᠯᠠᠭᠤᠨ ᠳᠤᠯᠠᠭᠠᠨ ᠤ | ᠢᠨᠵᠧᠨᠧᠷᠢᠩ︾ ᠤᠨ 2.0 ᠳ᠋ᠤᠭᠠᠷ ᠬᠡᠪ ᠢ ᠬᠡᠷᠡᠭᠵᠢᠭᠦᠯᠵᠦ᠂ ︽ᠪᠠᠷᠠᠭᠤᠨ ᠤ ᠢᠯᠴᠢ ᠶᠢ ᠵᠡᠭᠦᠨᠰᠢ ᠬᠦᠷᠭᠡᠬᠦ︾ | ᠢᠨᠵᠧᠨᠧᠷᠢᠩ ᠢ ᠡᠬᠢᠯᠡᠭᠦᠯᠵᠦ᠂ ᠵᠡᠭᠦᠨ ᠬᠤᠶᠢᠲᠤ ᠬᠡᠰᠡᠭ ᠤᠨ ᠢᠯᠴᠢ ᠬᠦᠷᠦᠯᠴᠡᠬᠦ ᠦᠭᠡᠢ ᠠᠰᠠᠭᠤᠳᠠᠯ ᠢ | ᠰᠢᠢᠳᠪᠦᠷᠢᠯᠡᠨ᠎ᠡ᠃ 59.5 ᠺᠢᠯᠣᠮᠧᠲᠷ ᠤᠨ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠭᠡᠨ | ᠥᠭᠡᠷᠡᠴᠢᠯᠡᠨ᠎ᠡ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠨᠡᠴᠢᠯᠡᠬᠦ | ᠲᠣᠭᠲᠠᠴᠠ ᠶᠢ ᠬᠠᠶᠢᠨ ᠰᠦᠪᠡᠭᠴᠢᠯᠡᠵᠦ᠂ 272 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠲᠥᠷᠥᠯ ᠵᠦᠢᠯ ᠢ ᠬᠡᠷᠡᠭᠵᠢᠭᠦᠯᠵᠦ᠂ 460 ᠰᠠᠭᠤᠭᠠᠯᠢ ᠲᠣᠭᠤᠷᠢᠭ ᠤᠨ ︽ᠤᠤᠭᠤᠬᠤ ᠤᠰᠤᠨ ᠤ ᠬᠦᠴᠢᠷᠳᠡᠯ︾᠂ | 467 ᠰᠠᠭᠤᠭᠠᠯᠢ ᠲᠣᠭᠤᠷᠢᠭ ᠤᠨ ᠬᠤᠭᠤᠯᠠᠶ ᠶᠢᠨ ᠲᠣᠤᠷ ᠤᠨ ᠪᠣᠷᠣᠭᠠᠨ ᠤ ᠤᠰᠤ ᠪᠠ ᠪᠣᠬᠢᠷ ᠤᠰᠤ ᠶᠢ | ᠬᠤᠯᠢᠯᠳᠤᠭᠤᠯᠤᠨ ᠵᠠᠯᠭᠠᠬᠤ ᠠᠰᠠᠭᠤᠳᠠᠯ ᠢ ᠰᠢᠢᠳᠪᠦᠷᠢᠯᠡᠨ᠎ᠡ᠃ ᠬᠤᠲᠠ ᠶᠢᠨ ᠨᠣᠭᠤᠭᠠᠷᠠᠭᠤᠯᠤᠯᠲᠠ ᠶᠢᠨ ᠵᠠᠮ ᠢ | 200 ᠺᠢᠯᠤᠮᠧᠲᠷ ᠠᠴᠠ ᠳᠡᠭᠡᠭᠰᠢ᠂ ᠴᠡᠴᠡᠷᠯᠢᠭ ᠵᠤᠭᠠᠴᠠᠯ ᠤᠨ ᠬᠦᠷᠢᠶᠡᠯᠡᠩ ᠢ 200 ᠠᠴᠠ ᠳᠡᠭᠡᠭᠰᠢ ᠬᠠᠮᠠᠭᠠᠯᠠᠨ | ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠣᠯᠠᠨ ᠲᠦᠮᠡᠨ ᠤ ᠠᠮᠢᠳᠤᠷᠠᠯ ᠳᠤ ᠲᠠᠰᠤᠷᠠᠯᠲᠠ ᠦᠭᠡᠢ ᠰᠢᠨ᠎ᠡ | ᠥᠩᠭᠡ ᠪᠤᠳᠤᠭ ᠨᠡᠮᠡᠷᠢᠯᠡᠨ᠎ᠡ᠃ | ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ | ᠬᠤᠲᠠ ᠶᠢᠨ ᠶᠡᠭᠡ ᠲᠠᠷᠢᠬᠢ 4.0 ᠳ᠋ᠦ᠋ᠭᠡᠷ ᠬᠡᠪ ᠶᠢ ᠲᠠᠰ ᠳᠡᠪᠰᠢᠭᠦᠯᠵᠦ᠂ AI ᠣᠶᠣᠨᠴᠢ ᠮᠡᠷᠭᠡᠵᠢᠯ ᠤᠨ ᠬᠤᠲᠠ ᠶᠢᠨ | ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠵᠡᠷᠭᠡ ᠲᠠᠯ᠎ᠠ ᠳᠠᠬᠢ | ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠲᠣᠭᠠᠴᠢᠯᠠᠭᠰᠠᠨ ᠣᠶᠣᠨᠴᠢ ᠲᠠᠪᠴᠠᠩ ᠢ ᠲᠠᠲᠠᠨ ᠤᠷᠤᠭᠤᠯᠵᠤ᠂ ᠪᠥᠬᠦ ᠶᠠᠪᠤᠴᠠ ᠶᠢᠨ | ᠢᠯᠡ ᠬᠠᠮᠢᠶᠠᠷᠤᠯᠲᠠ ᠪᠠ ᠲᠦᠭᠰᠢᠭᠦᠷᠢ ᠶᠢ ᠡᠵᠡᠮᠳᠡᠨ ᠰᠡᠷᠭᠡᠶᠢᠯᠡᠬᠦ ᠶᠢ ᠪᠡᠶᠡᠯᠡᠭᠦᠯᠦᠨ᠎ᠡ᠃ 12345 | ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠭᠦᠢᠴᠡᠳᠭᠡᠬᠦ᠂ ︽ᠡᠵᠡᠩᠨᠡᠬᠦ ᠬᠠᠮᠢᠶᠠᠷᠬᠤ ᠦᠢᠯᠡᠴᠢᠯᠡᠬᠦ︾ | ᠲᠠᠪᠴᠠᠩ ᠪᠠ ᠬᠤᠳᠠ ᠶᠢᠨ ᠶᠡᠭᠡ ᠲᠠᠷᠢᠬᠢ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ︽ᠨᠢᠭᠡ | ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠲᠦᠷᠭᠡᠳᠭᠡᠨ ᠪᠡᠶᠡᠯᠡᠭᠦᠯᠵᠦ᠂ ᠬᠤᠳᠠ ᠶᠢᠨ ᠵᠠᠰᠠᠯᠲᠠ ᠶᠢᠨ | ᠣᠳᠣᠬᠢᠴᠢᠯᠠᠯᠲᠠ ᠳᠤ ᠰᠢᠰᠲ᠋ᠧᠮᠲᠦ ᠲᠤᠯᠭᠠᠭᠤᠷᠢᠯᠠᠯ ᠬᠠᠩᠭᠠᠨ᠎ᠠ᠃ | ︵ᠲᠦᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠶᠢ ᠬᠦᠴᠦᠲᠡᠢ ᠪᠠᠬᠢᠵᠢᠭᠦᠯᠦᠨ᠎ᠡ | ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠲᠠᠷᠢᠶᠠᠨ ᠲᠠᠯᠠᠪᠠᠶ ᠶᠢ | 500 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 31 | ᠲᠦᠮᠡᠨ ᠮᠥ ᠰᠢᠨ᠎ᠡ ᠪᠠᠷ ᠪᠠᠶᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ | ᠪᠡᠯᠡᠳᠬᠡᠮᠵᠢᠲᠦ ᠲᠠᠷᠢᠶᠠᠯᠠᠩ ᠢ 1.1 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠂ 4300 ᠮᠥ ᠥᠭᠡᠷᠡᠴᠢᠯᠡᠨ | ᠳᠡᠭᠡᠭᠰᠢᠯᠡᠭᠦᠯᠦᠨ᠎ᠡ᠃ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ 70 ᠲᠦᠮᠡᠨ ᠮᠦ ᠲᠠᠷᠢᠶᠠᠨ ᠳᠤ ᠠᠮᠤ | ᠲᠣᠰᠣᠨ ᠤ ᠲᠠᠷᠢᠮᠠᠯ ᠤᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠶᠢ ᠬᠡᠷᠡᠭᠵᠢᠭᠦᠯᠵᠦ᠂ ᠨᠢᠭᠡᠴᠢ ᠤᠨᠠᠯᠲᠠ ᠶᠢᠨ | ᠳᠠᠯᠳᠠ ᠬᠦᠴᠦᠨ ᠢ ᠪᠦᠬᠦ ᠶᠠᠪᠤᠴᠠ ᠪᠠᠷ ᠠᠭᠤᠳᠠᠯᠤᠨ᠂ ᠲᠡᠩᠴᠡᠭᠦᠷᠢᠲᠡᠢ ᠤᠨᠠᠯᠲᠠ ᠨᠡᠮᠡᠭᠳᠡᠭᠦᠯᠬᠦ ᠶᠢ ᠶᠡᠭᠡ | ᠬᠡᠪᠴᠢᠶ᠎ᠡ ᠪᠠᠷ ᠲᠦᠭᠡᠮᠡᠯᠵᠢᠭᠦᠯᠦᠨ᠎ᠡ᠃ | ᠲᠠᠷᠢᠶᠠᠯᠠᠩ ᠤᠨ ᠠᠵᠤ ᠦᠢᠯᠡᠰ ᠢ ᠬᠦᠭᠵᠢᠭᠦᠯᠦᠨ᠎ᠡ᠃ ᠲᠦᠮᠡᠳ ᠵᠡᠭᠦᠨ ᠬᠤᠰᠢᠭᠤᠨ ᠤ ᠤᠯᠤᠰ ᠤᠨ | ᠲᠠᠰ ᠤᠨ᠂ ᠲᠣᠭᠲᠠᠬᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠵᠢᠶᠠ ᠱᠢ | ᠲᠤᠭᠠᠴᠢᠯᠠᠭᠰᠠᠨ ᠤᠶᠤᠨᠴᠢ ᠲᠠᠷᠢᠶᠠᠯᠠᠩ ᠤᠨ ᠲᠠᠯᠠᠪᠠᠢ ᠶᠢᠨ ᠭᠤᠷᠪᠠᠳᠤᠭᠠᠷ ᠬᠤᠭᠤᠴᠠᠭ᠎ᠠ᠂ ᠵᠦᠩ ᠴᠢᠩ ᠤᠨ | ᠪᠡᠯᠡᠳᠬᠡᠮᠵᠢᠲᠦ ᠲᠠᠷᠢᠶᠠᠯᠠᠩ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠠᠳᠬᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠤᠨ | ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ | ᠲᠣᠰᠬᠤᠨ ᠤ ᠣᠷᠤᠨ ᠰᠠᠭᠤᠴᠠ ᠶᠢᠨ ᠣᠷᠴᠢᠨ ᠨᠥᠬᠦᠴᠡᠯ ᠢ ᠰᠢᠯᠢᠲᠡᠭᠵᠢᠭᠦᠯᠦᠨᠡ᠃ ᠬᠥᠳᠡᠭᠡ ᠲᠣᠰᠬᠤᠨ ᠤ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ | ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ᠂ ᠲᠣᠰᠬᠤᠨ ᠤ ᠱᠠᠲᠤ ᠶᠢᠨ ᠪᠠᠷᠠᠭᠠᠨ ᠤ ᠭᠦᠢᠯᠭᠡᠭᠡᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠳᠡᠭᠡ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ | ᠲᠣᠭᠠᠴᠢᠯᠠᠭᠰᠠᠨ ᠬᠥᠳᠡᠭᠡ ᠲᠣᠰᠬᠤᠨ᠂ ᠡᠶ᠎ᠡ ᠵᠤᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠷᠢᠨᠭᠡᠷ ᠰᠢᠶᠠᠨ᠂ ᠰᠠᠶᠢᠬᠠᠨ ᠲᠣᠭᠤᠷᠢᠭ ᠵᠡᠷᠭᠡ ᠬᠤᠰᠢᠭᠤ ᠰᠢᠶᠠᠨ | ᠲᠣᠭᠤᠷᠢᠭ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ | ᠰᠢᠶᠠᠨ︾ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ | ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠰᠢᠰᠲ᠋ᠧᠮᠵᠢ ᠶᠢ ᠨᠡᠶᠢᠳᠡᠮ ᠪᠦᠷᠬᠦᠭᠦᠯᠵᠦ᠂ ᠠᠮᠢᠳᠤᠷᠠᠯ ᠤᠨ ᠪᠣᠬᠢᠷ ᠤᠰᠤ ᠶᠢᠨ ᠵᠠᠰᠠᠯᠲᠠ ᠶᠢᠨ ᠨᠣᠷᠮ᠎ᠠ ᠶᠢ | 60% ᠳᠤ ᠬᠦᠷᠭᠡᠨ᠂ ᠪᠣᠬᠢᠷ ᠦᠮᠡᠬᠡᠶ ᠤᠰᠤᠨ ᠴᠣᠭᠴᠠ ᠶᠢ ᠬᠥᠳᠡᠯᠦᠩᠭᠦᠶ ᠪᠠᠷ ᠴᠡᠪᠡᠷᠯᠡᠨ ᠠᠷᠢᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ | ᠦᠵᠡᠭᠦᠯᠬᠦ ᠲᠣᠰᠬᠤᠨ ᠢ 19 ᠪᠠᠶᠢᠭᠤᠯᠤᠨ᠎ᠠ᠃ | ︵ᠲᠠᠪᠤ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ | ᠪᠠᠬᠢᠵᠢᠭᠦᠯᠦᠨ᠎ᠡ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠦᠵᠡᠰᠬᠦᠯᠡᠩᠲᠦ | ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ | ᠪᠦᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠤᠯ ᠤᠨ ᠰᠠᠭᠤᠭᠠᠯᠢ ᠠᠷᠠᠳ ᠤᠨ ᠠᠮᠢ ᠠᠬᠤᠶ ᠶᠢᠨ ᠨᠡᠭᠦᠯᠭᠡᠬᠦ | ᠠᠵᠢᠯ ᠢ ᠡᠬᠢᠯᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠶᠢ ᠪᠥᠬᠦ ᠲᠠᠯ᠎ᠠ ᠪᠠᠷ ᠠᠬᠢᠭᠤᠯᠤᠨ᠂ | ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠪᠠ ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠶ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯ ᠤᠨ ᠲᠤᠭ᠎ᠠ ᠲᠣᠯᠣᠭᠠᠢ ᠶᠢ ᠵᠦᠶ ᠵᠣᠬᠢᠰᠲᠠᠶ ᠬᠢᠨᠠᠨ ᠲᠣᠭᠲᠠᠭᠠᠵᠤ | ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠡᠮᠬᠢ ᠵᠢᠷᠤᠮ ᠲᠠᠢ ᠪᠠᠷ ᠪᠠᠭᠠᠰᠬᠠᠨ᠎ᠠ᠃ ᠣᠢ ᠰᠢᠭᠤᠢ ᠶᠢᠨ | ᠨᠡᠭᠦᠷᠡᠰᠦᠲᠥ᠋ᠷᠥᠭᠴᠢ ᠰᠢᠩᠭᠡᠭᠡᠬᠦ ᠠᠷᠠᠯᠵᠢᠶᠠᠨ ᠤ ᠦᠢᠯᠡᠴᠢᠯᠡᠭᠡᠨ ᠤ ᠲᠥᠪ ᠢ ᠪᠦᠲᠦᠭᠡᠨ ᠪᠠᠢᠭᠤᠯᠵᠤ᠂ | ᠨᠡᠭᠦᠷᠡᠰᠦᠲᠥ᠋ᠷᠥᠭᠴᠢ ᠰᠢᠩᠭᠡᠭᠡᠬᠦ ᠲᠤᠭ᠎ᠠ ᠪᠠᠷᠢᠮᠲᠠ ᠶᠢᠨ ᠰᠢᠰᠲ᠋ᠧᠮᠲᠦ ᠬᠠᠮᠢᠶᠠᠷᠤᠯᠲᠠ ᠶᠢ ᠪᠡᠶᠡᠯᠡᠭᠦᠯᠦᠨ᠎ᠡ᠃ | ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠠᠵᠢᠯ | ᠲᠥᠷᠥᠯ ᠤᠨ ᠠᠵᠤ ᠠᠬᠤᠶᠢᠯᠠᠯ ᠢ ᠦᠷ᠎ᠡ ᠪᠦᠲᠦᠮᠵᠢ ᠪᠠᠷ ᠳᠡᠰ ᠬᠤᠪᠢᠶᠠᠬᠤ ᠠᠵᠢᠯ ᠢ ᠪᠦᠬᠦ ᠲᠠᠯ᠎ᠠ ᠪᠠᠷ | ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠪᠠᠭᠠᠰᠬᠠᠬᠤ ᠵᠢᠭᠰᠠᠭᠠᠯᠲᠠ ᠶᠢᠨ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠳᠤ ᠬᠤᠯᠪᠣᠭᠳᠠᠬᠤ ᠠᠵᠢᠯ | ᠲᠥᠷᠥᠯ ᠤᠨ ᠦᠷ᠎ᠡ ᠪᠦᠲᠦᠮᠵᠢ ᠪᠠᠷ ᠳᠣᠤᠷ᠎ᠠ ᠪᠠ ᠬᠦᠴᠦᠨ ᠦᠭᠡᠢ ᠪᠤᠯᠤᠭᠰᠠᠨ ᠪᠣᠬᠢᠷᠲᠤᠯ ᠢ ᠵᠠᠰᠠᠬᠤ | ᠲᠥᠬᠦᠭᠡᠷᠦᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 1 ᠢᠯᠴᠢ ᠶᠢᠨ | ᠴᠠᠬᠢᠯᠭᠠᠨ᠂ 1 ᠬᠡᠦᠷᠰᠢᠭᠦᠯᠬᠦ᠂ 12 ᠱᠦᠢᠨᠢ ᠶᠢᠨ ᠠᠵᠤ ᠠᠬᠤᠶᠢᠯᠠᠯ ᠤᠨ ᠭᠠᠳᠠᠭᠰᠢᠯᠠᠭᠤᠯᠬᠤ ᠥᠭᠡᠷᠡᠴᠢᠯᠡᠯᠲᠡ ᠶᠢ | ᠪᠡᠶᠡᠯᠡᠭᠦᠯᠦᠨ᠎ᠡ᠃ ᠪᠠᠷᠢᠯᠭ᠎ᠠ ᠶᠢᠨ ᠮᠠᠰᠢᠨ ᠮᠧᠬᠠᠨᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳ᠋ᠤᠭᠠᠷᠯᠠᠯ ᠤᠨ | ᠳᠡᠩᠰᠡᠯᠡᠯᠲᠡ ᠶᠢᠨ ᠭᠤᠷᠪᠠᠨ ᠱᠠᠲᠤᠨ ᠤ ᠰᠦᠯᠵᠢᠶᠡᠵᠢᠯ ᠢ ᠪᠡᠶᠡᠯᠡᠭᠦᠯᠵᠦ᠂ ᠲᠡᠮᠦᠷ ᠵᠠᠮ ᠤᠨ ᠪᠠᠷᠠᠭᠠᠨ ᠤ ᠲᠠᠯᠠᠪᠠᠶ᠂ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠣᠷᠣᠨ ᠪᠦᠰᠡ ᠶᠢᠨ ᠳᠤᠲᠤᠷ᠎ᠠ ᠠᠵᠢᠯᠯᠠᠬᠤ ᠲᠡᠷᠭᠡ | ᠬᠥᠰᠬᠡ ᠶᠢᠨ ︽ᠬᠠᠷ᠎ᠠ ᠣᠳᠤᠭ᠎ᠠ︾ ᠶᠢᠨ ᠦᠵᠡᠭᠳᠡᠯ ᠢ ᠦᠨᠳᠦᠰᠦᠨ ᠳᠤ ᠪᠠᠨ ᠠᠷᠢᠯᠭᠠᠨ᠎ᠠ᠃ ᠡᠰᠢ ᠰᠦᠷᠡᠯ ᠢ | ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠵᠢᠯ ᠳᠤ ᠬᠦᠨᠳᠦ | ᠪᠣᠬᠢᠷᠲᠤᠯ ᠲᠠᠢ ᠴᠠᠭ ᠠᠭᠤᠷ ᠢ ᠦᠭᠡᠶ ᠪᠣᠯᠭᠠᠬᠤ ᠪᠠᠷ ᠴᠢᠷᠮᠠᠶᠢᠨ᠎ᠠ᠃ | ᠣᠷᠣᠨ ᠤ ᠲᠥᠪ ᠬᠤᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ | ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ︽ᠤᠰᠤ ᠠᠷᠪᠢᠯᠠᠬᠤ ᠠᠵᠢᠯᠯᠠᠭ᠎ᠠ︾ ᠶᠢ ᠭᠦᠨᠵᠡᠭᠡᠶ | ᠬᠡᠷᠡᠭᠵᠢᠭᠦᠯᠵᠦ᠂ ᠬᠠᠲᠤᠨ ᠭᠤᠤᠯ ᠤᠨ ᠤᠰᠤ ᠶᠢ ᠲᠠᠲᠠᠬᠤ ᠭᠤᠷᠪᠠᠳᠤᠭᠠᠷ ᠬᠤᠭᠤᠴᠠᠭᠠᠨ ᠤ ᠤᠰᠤ ᠣᠷᠣᠭᠤᠯᠵᠤ | ᠤᠰᠤ ᠳᠠᠮᠵᠢᠭᠤᠯᠬᠤ᠂ ᠤᠰᠤ ᠴᠡᠪᠡᠷᠰᠢᠭᠦᠯᠵᠦ ᠤᠰᠤ ᠲᠣᠬᠢᠷᠠᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ | ᠂ ᠬᠠᠲᠤᠨ ᠭᠤᠤᠯ ᠤᠨ ᠤᠰᠤ ᠶᠢ ᠲᠠᠲᠠᠬᠤ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠪᠡᠯᠡᠳᠬᠡᠯ ᠤᠰᠤ | ᠳᠠᠮᠵᠢᠭᠤᠯᠬᠤ ᠬᠤᠭᠤᠯᠠᠶ ᠱᠤᠭᠤᠮ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ ᠤᠨ ᠤᠰᠤ ᠠᠷᠪᠢᠯᠠᠬᠤ ᠶᠢ ᠴᠢᠩᠭᠠᠳᠬᠠᠨ᠂ ᠲᠠᠷᠢᠶᠠᠯᠠᠩ ᠤᠨ ᠤᠰᠤ | ᠠᠷᠪᠢᠯᠠᠬᠤ ︽ᠤᠰᠤ ᠴᠠᠬᠢᠯᠭᠠᠨ︾ ᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ︽ᠤᠰᠤ ᠪᠠᠷ ᠭᠠᠷᠤᠯᠲᠠ ᠶᠢ ᠲᠣᠭᠲᠠᠭᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠤᠰᠤ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠠᠯᠬᠤᠮ | ᠠᠯᠬᠤᠮ ᠢᠶᠠᠷ ᠬᠡᠷᠡᠭᠵᠢᠭᠦᠯᠦᠨ᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠨ᠎ᠠ᠃ ᠥᠪᠡᠷ ᠢᠶᠠᠨ ᠪᠡᠯᠡᠳᠬᠡᠭᠰᠡᠨ ᠬᠤᠳᠳᠤᠭ ᠢ ᠲᠤᠰᠬᠠᠶ ᠴᠡᠭᠴᠡᠯᠡᠨ | ᠵᠠᠰᠠᠬᠤ ᠪᠠ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠡᠷᠡᠭᠯᠡᠬᠦ ᠤᠰᠤ ᠶᠢ ᠱᠠᠲᠤ ᠬᠤᠪᠢᠶᠠᠨ ᠦᠨ᠎ᠡ | ᠲᠣᠭᠲᠠᠭᠠᠬᠤ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠢ | ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ ᠤᠰᠤ ᠶᠢ ᠳᠠᠬᠢᠨ ᠠᠰᠢᠭᠯᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠵᠢᠨᠴᠤᠸᠠᠨ ᠤ ᠡᠮᠦᠨ᠎ᠡ ᠲᠣᠭᠤᠷᠢᠭ ᠤᠨ ᠠᠵᠤ | ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠥᠯᠥᠪᠵᠢᠭᠦᠯᠦᠨ ᠪᠠᠶᠢᠭᠤᠯᠵᠤ᠂ ︽H+ | ᠪᠤᠴᠠᠯᠲᠠ︾ ᠬᠡᠯᠪᠡᠷᠢ ᠶᠢᠨ ᠳᠡᠭᠢᠯᠳᠡ ᠤᠰᠤᠨ ᠤ ᠬᠤᠭᠤᠯᠠᠶ ᠶᠢᠨ ᠲᠣᠤᠷ ᠤᠨ ᠰᠢᠰᠲ᠋ᠧᠮᠵᠢ ᠶᠢ ᠪᠠᠶᠢᠭᠤᠯᠵᠤ᠂ | ᠤᠰᠤ ᠶᠢ ᠳᠠᠬᠢᠨ ᠠᠰᠢᠭᠯᠠᠬᠤ ᠬᠠᠷᠢᠴᠠᠯ ᠢ 45% ᠪᠣᠯᠲᠠᠯ᠎ᠠ ᠳᠡᠭᠡᠭᠰᠢᠯᠡᠭᠦᠯᠦᠨ᠎ᠡ᠃ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ 5 | ᠲᠣᠭᠤᠷᠢᠭ ᠰᠢᠶᠠᠨ ᠤ ᠳᠡᠰ ᠤᠨ ᠪᠠᠷᠢᠯᠭ᠎ᠠ ᠶᠢᠨ ᠬᠤᠭ ᠨᠤᠪᠰᠢ ᠶᠢ ᠰᠢᠩᠭᠡᠭᠡᠬᠦ ᠲᠠᠯᠠᠪᠠᠢ ᠶᠢ ᠪᠠᠶᠢᠭᠤᠯᠵᠤ | ᠬᠡᠷᠡᠭᠯᠡᠯᠲᠡ ᠳᠤ ᠣᠷᠣᠭᠤᠯᠤᠨ᠎ᠠ᠃ 553 ᠾᠧᠺᠲ᠋ᠠᠷ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠨ | ᠵᠠᠰᠠᠵᠤ᠂ ᠬᠠᠲᠤᠨ ᠭᠤᠤᠯ ᠤᠨ ᠰᠠᠪᠠ ᠭᠠᠵᠠᠷ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ | ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠡᠬᠢᠯᠡᠭᠦᠯᠦᠨ᠎ᠡ᠃ ︽ᠨᠡᠭᠦᠷᠡᠰᠦᠨ ᠤ ᠨᠤᠨᠲᠠᠭ ᠦᠨᠡᠰᠦ ᠶᠢ | ᠡᠭᠡᠭᠦᠯᠦᠨ ᠪᠤᠯᠠᠵᠤ ᠢᠳᠡᠭᠳᠡᠭᠰᠡᠨ ᠭᠤᠣ ᠶᠢᠨ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠳᠦᠷᠢᠮ︾ ᠤᠨ ᠣᠷᠣᠨ | ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ᠎ᠡ᠃ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠪᠠ ᠠᠮᠢ ᠠᠬᠤᠶ ᠣᠷᠴᠢᠨ ᠲᠣᠭᠤᠷᠢᠨ ᠢ ᠵᠠᠰᠠᠨ ᠰᠡᠷᠭᠦᠭᠡᠬᠦ ᠲᠤᠷᠰᠢᠯᠲᠠ ᠶᠢᠨ ᠠᠵᠢᠯ ᠢ ᠠᠬᠢᠭᠤᠯᠵᠤ᠂ 10 | ᠰᠡᠷᠭᠦᠭᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ | ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ | ᠰᠢᠢᠳᠪᠦᠷᠢᠯᠡᠬᠦ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠶᠢᠵᠢᠭᠤᠯᠬᠤ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠠᠵᠤ ᠦᠢᠯᠡᠰ ᠤᠨ ᠰᠠᠭᠤᠷᠢ ᠪᠠᠭᠤᠷᠠᠶ ᠠᠰᠠᠭᠤᠳᠠᠯ ᠢ ᠴᠢᠩᠭ᠎ᠠ ᠠᠩᠬᠠᠷᠴᠤ᠂ ᠠᠵᠤ | ᠦᠢᠯᠡᠳᠪᠦᠷᠢ ᠶᠢᠨ ᠬᠦᠷᠢᠶᠡᠨ ᠳᠠᠬᠢ ᠬᠦᠷᠢᠶᠡᠯᠡᠩ ᠲᠣᠭᠤᠷᠢᠭ ᠤᠨ ᠠᠭᠤᠰᠤᠯᠴᠠᠯ᠂ ᠬᠤᠳᠠᠯᠳᠤᠭᠠᠴᠢᠨ ᠤᠷᠢᠬᠤ | ᠠᠷᠭ᠎ᠠ ᠮᠠᠶ᠋ᠢᠭ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ | ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠬᠦᠷᠢᠶᠡᠨ ᠳᠠᠬᠢ ᠬᠥᠳᠡᠭᠡ ᠲᠣᠰᠬᠤᠨ ᠤ | ᠦᠨᠳᠦᠰᠦᠨ ᠡᠵᠡᠩᠨᠡᠯᠲᠡ ᠶᠢᠨ ᠲᠦᠷᠢᠮ᠂ ᠮᠠᠯᠵᠢᠯ ᠤᠨ ᠲᠠᠯᠠᠪᠠᠶ ᠶᠢᠨ ᠵᠠᠬ᠎ᠠ ᠳᠡᠯᠭᠡᠭᠦᠷ ᠤᠨ ᠡᠷᠡᠰᠳᠡᠯ ᠢ | ᠬᠤᠷᠢᠭᠯᠠᠬᠤ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠬᠥᠭᠵᠢᠯᠲᠡ ᠶᠢᠨ ᠠᠮᠢᠵᠢᠷᠠᠯ ᠤᠨ ᠬᠦᠴᠦᠨ | ᠬᠦᠷᠦᠯᠴᠡᠬᠦ ᠥᠬᠡᠶ ᠠᠰᠠᠭᠤᠳᠠᠯ ᠢ ᠴᠢᠩᠭ᠎ᠠ ᠠᠩᠬᠠᠷᠴᠤ᠂ ᠡᠳ᠋ ᠤᠨ ᠵᠠᠰᠠᠭ ᠭᠠᠶᠢᠯᠢ ᠶᠢᠨ ᠬᠦᠷᠢᠶᠡᠨ ᠳᠠᠬᠢ ᠲᠡᠭ | ᠰᠠᠭᠤᠷᠢᠨ ᠲᠥᠰᠦᠪ᠂ ᠭᠠᠶᠢᠯᠢ ᠰᠠᠯᠭᠠᠬᠤ ᠲᠦᠷᠢᠮ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ᠂ ᠮᠥᠩᠭᠦᠨ ᠭᠦᠢᠯᠭᠡᠭᠡᠨ ᠤ ᠬᠢᠨᠠᠨ ᠰᠢᠯᠭᠠᠯᠲᠠ ᠵᠡᠷᠭᠡ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ︽ | ᠰᠤᠳᠤᠯᠭᠠᠨ ᠤ ᠬᠦᠷᠢᠶᠡᠯᠡᠩ+ᠺᠣᠮᠫᠠᠨᠢ+ᠰᠠᠭᠤᠷᠢ ᠮᠥᠩᠭᠦ︾ ᠶᠢᠨ ᠠᠵᠢᠯᠯᠠᠭᠠᠨ ᠤ ᠵᠠᠭᠪᠤᠷ᠂ ᠲᠠᠪᠴᠠᠩ ᠤᠨ ᠦᠷ᠎ᠡ | ᠪᠦᠲᠦᠭᠡᠯ ᠢ ᠤᠯᠠᠷᠢᠭᠤᠯᠬᠤ ᠲᠣᠭᠲᠠᠴᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠤᠨ | ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠷᠢᠶᠡᠨ ᠳᠠᠬᠢ ᠬᠢᠨᠠᠨ | ᠰᠢᠯᠭᠠᠬᠤ ᠲᠦᠷᠢᠮ᠂ ᠬᠢᠨᠠᠨ ᠬᠠᠮᠢᠶᠠᠷᠬᠤ ᠪᠠᠶᠢᠭᠤᠯᠤᠯ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠵᠡᠷᠭᠡ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠰᠢᠯᠢᠳᠡᠭ ᠪᠤᠰᠤ ᠠᠰᠠᠭᠤᠳᠠᠯ ᠢ | ᠴᠢᠩᠭ᠎ᠠ ᠠᠩᠬᠠᠷᠴᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠴᠣᠮᠬᠠᠳᠬᠠᠬᠤ᠂ ᠭᠡᠷᠡᠴᠢ ᠦᠨᠡᠮᠯᠡᠯ ᠤᠨ ᠵᠥᠪᠰᠢᠶᠡᠷᠡᠯ ᠢ ᠡᠮᠬᠢᠯᠡᠨ ᠨᠡᠶᠢᠯᠡᠭᠦᠯᠬᠦ | ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ᠂ ᠤᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠤᠭ᠎ᠠ ᠪᠠᠷᠢᠮᠲᠠ ᠶᠢᠨ ᠤᠶᠤᠨᠴᠢᠯᠠᠭᠰᠠᠨ ᠪᠠᠷᠢᠮᠵᠢᠶᠠᠵᠢᠭᠤᠯᠤᠯᠲᠠ᠂ ᠤᠷᠢᠳᠴᠢᠯᠠᠨ | ᠲᠦᠯᠦᠬᠦ ᠮᠠᠶ᠋ᠢᠭ ᠤᠨ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠠᠷᠢᠯᠢᠭ ᠪᠤᠰᠤ ᠠᠰᠠᠭᠤᠳᠠᠯ ᠢ ᠴᠢᠩᠭ᠎ᠠ ᠠᠩᠬᠠᠷᠴᠤ᠂ | ᠬᠤᠲᠠ ᠶᠢᠨ ᠶᠡᠭᠡ ᠲᠣᠭᠤᠷᠢᠨ ᠪᠠᠶᠢᠴᠠᠭᠠᠯᠲᠠ᠂ ᠴᠡᠴᠡᠷᠯᠢᠭ ᠤᠨ ᠨᠣᠭᠤᠭᠠᠨ ᠭᠠᠵᠠᠷ ᠤᠨ ᠬᠠᠮᠢᠶᠠᠷᠤᠯᠲᠠ ᠶᠢᠨ ᠡᠷᠬᠡ | ᠮᠡᠳᠡᠯ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠵᠡᠷᠭᠡ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠥᠬᠡᠶ ᠠᠰᠠᠭᠤᠳᠠᠯ ᠢ | ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠵᠢᠭᠠᠨ ᠰᠤᠳᠤᠯᠬᠤ ᠲᠦᠷᠢᠮ᠂ ᠡᠩᠨᠡᠭᠡᠨ ᠤ | ᠪᠠᠶᠢᠭᠤᠯᠤᠯᠲᠠ᠂ ᠪᠠᠭᠰᠢ ᠶᠢᠨ ᠣᠯᠭᠤᠮᠵᠢ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ | ᠲᠦᠷᠢᠮ ᠵᠡᠷᠭᠡ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠬᠦᠷᠢᠶᠡᠨ ᠳᠠᠬᠢ ᠡᠮᠴᠢᠯᠡᠭᠡᠨ ᠤ ᠳᠠᠭᠠᠳᠬᠠᠯ ᠤᠨ ᠳᠠᠭᠠᠭᠠᠴᠢᠯᠠᠯᠲᠠ ᠬᠢᠵᠦ ᠰᠦᠢᠳᠬᠡᠯ ᠲᠤᠰᠢᠶᠠᠬᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠵᠡᠷᠭᠡ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠨᠠᠰᠤᠵᠢᠯ ᠤᠨ ᠠᠰᠠᠷᠠᠮᠵᠢ ᠶᠢᠨ ᠰᠠᠭᠤᠷᠢ | ᠮᠥᠩᠭᠦ ᠶᠢ ᠨᠢᠭᠡᠳᠦᠯᠲᠡᠶ ᠲᠥᠯᠥᠪᠯᠡᠬᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠵᠡᠷᠭᠡ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ | ᠳᠤᠲᠠᠭᠤᠳᠠᠯ ᠢ ᠴᠢᠩᠭ᠎ᠠ ᠠᠩᠬᠠᠷᠴᠤ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠦᠨᠡᠯᠡᠬᠦ ᠲᠦᠷᠢᠮ᠂ | ᠬᠠᠮᠲᠤ ᠶᠢᠨ ᠣᠶ ᠰᠢᠭᠤᠶ ᠶᠢᠨ ᠡᠷᠬᠡ ᠶᠢᠨ ᠲᠦᠷᠢᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠨ | ᠬᠠᠮᠠᠭᠠᠯᠠᠬᠤ ᠰᠢᠰᠲ᠋ᠧᠮᠵᠢ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠶᠢᠨ ᠪᠣᠭᠤᠮᠲᠠ | ᠰᠢᠪᠲᠤᠯᠬᠤ ᠪᠠᠷ ᠳᠠᠮᠵᠢᠭᠤᠯᠤᠨ᠂ ᠨᠢᠭᠡ ᠪᠦᠯᠦᠭ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠢᠭᠡ | ᠪᠦᠯᠦᠭ ᠲᠥᠷᠥ ᠶᠢᠨ ᠪᠣᠳᠣᠯᠭ᠎ᠠ ᠶᠢᠨ ᠲᠦᠭᠵᠢᠷᠡᠯ ᠢ ᠨᠡᠪᠲᠡᠷᠡᠭᠦᠯᠵᠦ᠂ ᠨᠢᠭᠡ ᠪᠦᠯᠦᠭ ᠬᠡᠯᠪᠡᠷᠢ ᠪᠠᠨ ᠬᠤᠪᠢᠷᠠᠭᠤᠯᠬᠤ | ᠡᠪᠡᠷᠰᠢᠶᠡᠯ ᠢ ᠠᠷᠢᠯᠭᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦ ᠬᠦᠴᠦᠨ | ᠪᠠ ᠳᠠᠯᠳᠠ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ | ︵ᠳᠤᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠪᠦᠲᠦᠮᠵᠢᠲᠡᠢ ᠴᠢᠩᠭᠠᠷᠠᠭᠤᠯᠤᠨ᠎ᠠ | ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠳᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠦᠬᠦ | ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠤᠯ ᠣᠷᠣᠨ ᠢ ᠡᠭᠦᠳᠦᠨ ᠪᠠᠶᠢᠭᠤᠯᠤᠨ᠎ᠠ᠃ ᠤᠯᠤᠰ ᠤᠨ | ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠶᠠᠳᠤᠭᠠᠷ ᠬᠤᠭᠤᠴᠠᠭ᠎ᠠ ᠶᠢ ᠪᠦᠲᠦᠭᠡᠨ | ᠪᠠᠶᠢᠭᠤᠯᠵᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ | ᠵᠥᠪᠰᠢᠶᠡᠷᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠬᠥᠬᠡᠬᠤᠲᠠ ᠳᠤ | ᠰᠠᠭᠤᠭ᠎ᠠ ᠶᠡᠭᠡ ᠳᠡᠭᠡᠳᠦ ᠰᠤᠷᠭᠠᠭᠤᠯᠢ ᠯᠤᠭ᠎ᠠ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠤᠰ ᠤᠨ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ | ᠲᠠᠪᠴᠠᠩ ᠢᠶᠠᠷ ᠬᠥᠮᠦᠨ ᠴᠤᠭᠯᠠᠭᠤᠯᠬᠤ᠂ ᠠᠵᠤ ᠠᠬᠤᠶᠢᠯᠠᠯ ᠬᠥᠮᠦᠨ ᠦᠯᠡᠳᠡᠭᠡᠬᠦ᠂ ᠶᠡᠭᠡ ᠳᠡᠭᠡᠳᠦ ᠰᠤᠷᠭᠠᠭᠤᠯᠢ | ᠬᠥᠮᠦᠨ ᠬᠥᠮᠦᠵᠢᠭᠦᠯᠬᠦ ᠵᠡᠷᠭᠡ ᠲᠣᠭᠲᠠᠴᠠ ᠶᠢ ᠰᠠᠶᠢᠲᠤᠷ ᠠᠰᠢᠭᠯᠠᠨ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ 100 ᠠᠴᠠ ᠳᠡᠭᠡᠭᠰᠢ ᠲᠡᠳᠡᠨ ᠬᠦᠮᠦᠵᠢᠭᠦᠯᠵᠦ᠂ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 1500 ᠶᠢ ᠳᠠᠪᠠᠭᠤᠯᠵᠤ᠂ ᠮᠡᠷᠭᠡᠵᠢᠯ ᠤᠨ ᠭᠡᠷ᠎ᠡ ᠶᠢᠨ | ᠲᠣᠬᠢᠷᠠᠭᠰᠠᠨ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ︽ᠪᠦᠰᠡᠯᠡᠯᠲᠡ ᠰᠢᠪᠲᠤᠯᠬᠤ︾ | ᠰᠢᠪᠲᠤᠯᠤᠯᠲᠠ ᠶᠢ ᠴᠢᠩᠭᠠᠳᠬᠠᠨ᠎ᠠ᠃ ᠬᠢᠮᠡᠯ ᠣᠶᠤᠨ᠂ ᠳᠣᠤᠷ᠎ᠠ ᠤᠭᠲᠠᠷᠭᠤᠢ ᠶᠢᠨ ᠠᠵᠤ ᠠᠬᠤᠶ᠂ ᠨᠡᠶᠢᠯᠡᠮᠡᠯ | ᠠᠮᠢᠳᠤ ᠪᠣᠳᠠᠰ᠂ ᠠᠵᠤ ᠦᠢᠯᠡᠳᠪᠦᠷᠢ ᠶᠢᠨ ᠴᠢᠫ ᠵᠡᠷᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠪᠣᠭᠤᠮᠲᠠ ᠰᠢᠪᠲᠤᠯᠤᠯᠲᠠ ᠶᠢ 10 ᠠᠴᠠ ᠳᠡᠭᠡᠭᠰᠢ ᠦᠷᠨᠢᠭᠦᠯᠦᠨ᠎ᠡ᠃ ᠬᠠᠢ ᠳ᠋ᠢᠶᠠᠨ ᠲᠣᠭᠤᠷᠢᠭ᠂ ᠪᠡᠭᠡᠵᠢᠩ | ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢ ᠠᠨ ᠤ ᠵᠠᠮ | ᠬᠠᠷᠢᠯᠴᠠᠭᠠᠨ ᠤ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ | ᠱᠠᠨᠳᠦ᠋ᠩ ᠶᠡᠭᠡ ᠰᠤᠷᠭᠠᠭᠤᠯᠢ᠂ ᠪᠡᠭᠡᠵᠢᠩ ᠤᠨ ᠰᠢᠦᠳᠠᠨ ᠤ ᠶᠡᠭᠡ ᠰᠤᠷᠭᠠᠭᠤᠯᠢ ᠵᠡᠷᠭᠡ ᠯᠦᠭᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ | ᠂ ᠠᠮᠢᠳᠤ ᠪᠣᠳᠠᠰ ᠤᠨ ᠪᠣᠯᠪᠠᠰᠤᠷᠠᠭᠤᠯᠤᠯᠲᠠ᠂ ᠡᠷᠴᠢᠯᠡᠭᠦᠷ ᠡᠨᠧᠷᠭᠢ ᠬᠠᠳᠠᠭᠠᠯᠠᠯᠲᠠ᠂ ᠳᠠᠭᠤᠨ ᠳᠤᠯᠭᠢᠶᠠᠨ ᠤ | ᠪᠠᠶᠢᠴᠠᠭᠠᠨ ᠬᠡᠮᠵᠢᠯᠲᠡ᠂ ᠣᠶᠤᠨᠴᠢ ᠰᠡᠷᠡᠯ ᠳᠠᠮᠵᠢᠭᠤᠯᠬᠤ ᠪᠠᠭᠠᠵᠢ ᠵᠡᠷᠭᠡ ᠬᠤᠰᠢᠭᠤᠷᠠᠯ ᠪᠠ ᠨᠤᠷᠠᠭᠠᠯᠲᠠ ᠶᠢᠨ | ᠴᠢᠨᠠᠷᠲᠠᠶ ᠦᠷ᠎ᠡ ᠪᠦᠲᠦᠭᠡᠯ ᠤᠨ ᠬᠡᠷᠡᠭᠯᠡᠯᠲᠡ ᠤᠯᠠᠷᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠤᠨ᠎ᠠ᠃ | ︵ᠨᠠᠢᠮᠠ︶ ᠠᠷᠠᠳ ᠤᠨ ᠠᠮᠢᠳᠤᠷᠠᠯ ᠤᠨ ᠦᠢᠯᠡᠰ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠨ᠎ᠡ | ᠭᠦᠢᠴᠡᠳ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ︽ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ︾ ᠶᠢ ᠭᠦᠨᠵᠡᠭᠡᠶ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠲᠠᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠬᠤ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ | ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠬᠡᠷᠡᠭᠵᠢᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾ ᠤᠨ | ᠨᠢᠭᠡᠳᠦᠭᠡᠷ ᠬᠤᠭᠤᠴᠠᠭ᠎ᠠ ᠶᠢ ᠵᠢᠯ ᠤᠨ ᠳᠣᠲᠣᠷ᠎ᠠ ᠬᠤᠳᠠᠯᠳᠤᠨ ᠲᠦᠷᠢᠶᠡᠰᠦᠯᠡᠵᠦ᠂ ᠬᠤᠶᠠᠳᠤᠭᠠᠷ ᠬᠤᠭᠤᠴᠠᠭ᠎ᠠ ᠶᠢ | ᠠᠵᠢᠯ ᠡᠬᠢᠯᠡᠭᠦᠯᠦᠨ ᠪᠠᠶᠢᠭᠤᠯᠵᠤ᠂ ᠨᠡᠩ ᠤᠯᠠᠨ ᠵᠠᠯᠠᠭᠤᠴᠤᠳ ᠢ ᠤᠷᠤᠨ ᠤ ᠲᠥᠪ ᠬᠤᠲᠠ ᠳᠤ ᠢᠷᠡᠭᠦᠯᠵᠦ᠂ | ᠰᠠᠭᠤᠷᠢᠰᠢᠭᠤᠯᠤᠨ᠂ ᠪᠦᠳᠦᠭᠡᠨ ᠪᠠᠶᠢᠭᠤᠯᠤᠯᠲᠠ ᠳᠤ ᠤᠷᠤᠯᠴᠠᠭᠤᠯᠤᠨ᠎ᠠ ᠃ ᠤᠯᠤᠰ ᠤᠨ ᠲᠠᠰ ᠤᠨ ᠬᠥᠮᠦᠨ ᠤ | ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾ | ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠬᠤᠲᠠ | ᠪᠠᠯᠭᠠᠰᠤᠨ ᠤ ᠠᠵᠢᠯ ᠣᠯᠭᠤᠯᠲᠠ ᠶᠢ ᠰᠢᠨ᠎ᠡ ᠪᠠᠷ 5.5 ᠲᠦᠮᠡᠨ ᠬᠥᠮᠦᠨ ᠨᠡᠮᠡᠭᠳᠡᠭᠦᠯᠵᠦ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ 33 ᠲᠦᠮᠡᠨ ᠬᠥᠮᠦᠨ ᠠᠴᠠ ᠳᠡᠭᠡᠭᠰᠢ ᠲᠣᠭᠲᠠᠭᠤᠨ | ᠪᠠᠶᠢᠳᠠᠯ ᠳᠤ ᠪᠠᠶᠢᠯᠭᠠᠨ᠎ᠠ᠃ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠲᠥᠷᠥᠯ ᠵᠦᠢᠯ 28 ᠶᠢ | ᠰᠢᠨ᠎ᠡ ᠪᠠᠷ ᠦᠷᠭᠦᠯᠵᠢᠯᠡᠨ ᠪᠠᠶᠢᠭᠤᠯᠬᠤ ᠪᠤᠶᠤ ᠦᠷᠭᠡᠳᠬᠡᠨ ᠥᠭᠡᠷᠡᠴᠢᠯᠡᠵᠦ᠂ 17 ᠶᠢ ᠨᠢ ᠠᠰᠢᠭᠯᠠᠯᠲᠠ ᠳᠤ | ᠣᠷᠣᠭᠤᠯᠵᠤ᠂ 1.2 ᠲᠦᠮᠡᠨ ᠰᠣᠷᠣᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠦᠨ᠎ᠡ᠃ ᠬᠥᠬᠡᠬᠤᠲᠠ ᠶᠢᠨ ᠠᠵᠢᠯ | ᠮᠡᠷᠭᠡᠵᠢᠯ ᠤᠨ ᠶᠡᠭᠡ ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠦᠨᠡᠯᠡᠯᠲᠡ ᠶᠢ ᠦᠩᠭᠡᠷᠡᠵᠦ᠂ | ᠬᠥᠬᠡᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠡᠯᠡᠳᠭᠡᠨ | ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠺᠧ ᠳ᠋ᠠ ᠰᠢᠶᠦ᠋ᠨ ᠹᠧᠢ ᠵᠡᠷᠭᠡ ᠣᠶᠤᠨᠴᠢ ᠰᠤᠷᠭᠠᠨ | ᠬᠥᠮᠦᠵᠢᠯ ᠤᠨ ᠲᠠᠪᠴᠠᠩ ᠳᠤ ᠲᠦᠰᠢᠭᠯᠡᠨ᠂ ᠣᠶᠤᠨᠴᠢ ᠬᠢᠴᠢᠶᠡᠯ ᠤᠨ ᠲᠠᠩᠬᠢᠮ᠂ AI ᠰᠤᠨᠤᠰᠴᠤ ᠶᠠᠷᠢᠬᠤ | ᠬᠢᠴᠢᠶᠡᠯ ᠤᠨ ᠲᠠᠩᠬᠢᠮ᠂ ᠣᠶᠤᠨᠴᠢ ᠴᠣᠬᠤᠯᠠᠪᠤᠷᠢ ᠵᠡᠷᠭᠡ ᠬᠡᠷᠡᠭᠯᠡᠭᠡᠨ ᠤ ᠪᠠᠶᠢᠳᠠᠯ ᠢ ᠳᠡᠯᠭᠡᠷᠡᠭᠦᠯᠦᠨ᠎ᠡ᠃ ᠵᠢᠭᠠᠨ | ᠰᠤᠳᠤᠯᠬᠤ ᠶᠢᠨ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ ᠳᠦᠷᠢᠮᠵᠢᠯ ᠢ ᠬᠡᠷᠡᠭᠵᠢᠭᠦᠯᠵᠦ᠂ ᠰᠠᠭᠤᠷᠢ ᠵᠢᠭᠠᠨ | ᠰᠤᠳᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ᠂ ᠰᠤᠷᠭᠠᠭᠤᠯᠢ᠂ ᠨᠡᠶᠢᠭᠡᠮ ᠬᠠᠮᠵᠢᠯᠴᠠᠨ ︽ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ︾ ᠶᠢ ᠪᠠᠶᠢᠭᠤᠯᠬᠤ ᠶᠢ ᠠᠬᠢᠭᠤᠯᠵᠤ᠂ ᠬᠡᠦᠬᠡᠳ ᠤᠨ ᠨᠥᠬᠦᠷᠰᠡᠭ ᠬᠤᠲᠠ ᠶᠢ | ᠡᠭᠦᠳᠦᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ15 ᠮᠢᠨᠦ᠋ᠲ ᠢ | ᠨᠠᠶᠢᠳᠠᠪᠤᠷᠢᠵᠢᠭᠤᠯᠬᠤ ᠶᠢ ᠵᠤᠷᠢᠭᠵᠢᠭᠤᠯᠵᠤ᠂ ᠬᠡᠦᠬᠡᠳ ᠢ ᠪᠥᠬᠦ ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠭᠤᠯᠤᠨ᠎ᠠ᠃ | | ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ︽ᠰᠠᠭᠤᠷᠢ ᠶᠢ | ᠬᠦᠴᠦᠷᠬᠡᠭᠵᠢᠭᠦᠯᠬᠦ︾ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ | ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ᠂ ᠬᠤᠲᠠ ᠶᠢᠨ ᠨᠢᠭᠡᠳᠦᠭᠡᠷ ᠡᠮᠨᠡᠯᠭᠡ ᠶᠢᠨ | ᠬᠤᠷᠢᠶ᠎ᠠ ᠶᠢᠨ ᠡᠭᠦᠯᠡᠨ ᠬᠥᠨᠳᠡᠢ ᠶᠢᠨ ᠡᠮᠨᠡᠯᠭᠡ ᠶᠢᠨ ᠲᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ | ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠦᠷᠢᠶᠡᠯᠡᠩ ᠡᠮᠴᠢᠯᠡᠭᠡ ᠪᠠᠨ ᠡᠬᠢᠯᠡᠭᠦᠯᠵᠦ ᠡᠵᠡᠩᠨᠡᠨ᠎ᠡ᠃ ᠬᠤᠲᠠ ᠶᠢᠨ ᠳᠥᠷᠪᠡᠨ | ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ | ᠪᠠᠢᠭᠤᠯᠬᠤ ᠶᠢ ᠠᠬᠢᠭᠤᠯᠤᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠦᠬᠦ | ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠨᠠᠰᠤᠲᠠᠶᠢᠴᠤᠳ ᠲᠤ ᠲᠤᠰᠠᠯᠠᠬᠤ ᠬᠤᠭᠤᠯᠠᠨ | ᠲᠢᠩᠬᠢᠮ ᠢ ᠬᠡᠷᠡᠭᠴᠡᠭᠡ ᠶᠢ ᠦᠨᠳᠦᠰᠦᠯᠡᠨ ᠪᠠᠶᠢᠷᠢᠰᠢᠭᠤᠯᠵᠤ᠂ ︽ᠨᠠᠰᠤᠲᠠᠨ ᠨᠢᠯᠬᠠᠰ ᠢ ᠵᠡᠷᠭᠡᠪᠡᠷ ᠨᠠᠶᠢᠳᠠᠬᠤ︾ | ᠵᠠᠭᠪᠤᠷ ᠢ ᠬᠠᠶᠢᠨ ᠰᠦᠪᠡᠭᠴᠢᠯᠡᠨ᠎ᠡ᠃ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ᠂ ᠲᠠᠢ ᠺᠠᠩ ᡁᠢ ᠵᠢᠶᠠ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠰᠢᠶᠠᠩ ᠪᠠᠯᠭᠠᠰᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢ 80% ᠠᠴᠠ ᠳᠡᠭᠡᠭᠰᠢ ᠪᠣᠯᠲᠠᠯ᠎ᠠ | ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠬᠡᠷ ᠲᠤ ᠪᠠᠨ ᠰᠠᠭᠤᠵᠤ ᠨᠠᠰᠤᠵᠢᠯ ᠤᠨ ᠠᠰᠠᠷᠠᠮᠵᠢ ᠬᠦᠷᠲᠡᠬᠦ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢ 100% ᠳᠤ | ᠲᠣᠭᠲᠠᠪᠤᠷᠢᠵᠢᠭᠤᠯᠤᠨ᠎ᠠ᠃ | ᠲᠥᠪ ᠬᠤᠲᠠ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠰᠢᠰᠲ᠋ᠧᠮᠵᠢ ᠶᠢ ᠪᠦᠷᠢᠨᠰᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠤᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠠᠸᠠᠷ ᠤᠨ ᠭᠡᠷ | ᠪᠠᠶᠢᠰᠢᠩ ᠤᠨ ᠪᠡᠯᠡᠨ ᠬᠡᠷ ᠪᠠᠶᠢᠰᠢᠩ ᠢ ᠪᠣᠷᠣᠯᠠᠭᠤᠯᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠬᠡᠷ ᠪᠠᠶᠢᠰᠢᠩ | ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠲᠥᠪ᠂ ᠥᠪᠡᠷᠲᠡᠭᠡᠨ | ᠵᠠᠰᠠᠬᠤ ᠣᠷᠣᠨ ᠤ ᠥᠷᠢ ᠥᠭᠴᠡᠭᠡ ᠶᠢ ᠠᠷᠢᠯᠭᠠᠬᠤ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ | ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠨ᠎ᠠ᠃ ᠥᠨᠳᠥᠷ | ᠡᠷᠡᠰᠳᠡᠯᠲᠦ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠪᠦᠬᠦᠨ ᠢ | ᠠᠷᠢᠯᠭᠠᠬᠤ ᠶᠢ ᠠᠬᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ | ᠬᠤᠯᠪᠤᠭᠠᠨ ᠤ ᠮᠡᠬᠡᠯᠡᠯ᠂ ︽ᠱᠠᠯᠢᠭ ᠵᠠᠪᠬᠠᠢ ᠵᠣᠭᠤᠰ ᠮᠥᠷᠥᠶᠢᠴᠡᠬᠦ ᠬᠤᠣᠷ ᠰᠠᠷᠢᠭᠠᠯᠠᠬᠤ︾ ︽ᠢᠳᠡᠭᠡᠨ ᠡᠮ ᠤᠨ | ᠵᠦᠢᠯ ᠣᠷᠴᠢᠨ ᠲᠣᠭᠤᠷᠢᠨ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ | ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠨ᠎ᠡ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠎ᠠ | ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠤᠷᠤᠨ ᠤ ᠲᠥᠪ ᠬᠤᠲᠠ ᠶᠢᠨ ᠦᠢᠯᠡᠳᠦᠯᠭᠡ ᠶᠢ ᠵᠢᠯᠣᠭᠤᠳᠤᠭᠤᠯᠵᠤ᠂ ᠪᠥᠬᠦ ᠬᠦᠴᠦᠨ ᠢᠶᠠᠷ ᠢᠶᠠᠨ | ᠬᠡᠷᠡᠭᠵᠢᠭᠦᠯᠦᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ | ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠤᠨ᠎ᠠ᠃ | ᠬᠤᠶᠠᠷ ᠲᠤ᠂ ᠬᠠᠤᠯᠢᠵᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠠᠤᠯᠢ ᠪᠠᠷ ᠵᠠᠰᠠᠬᠤ | ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠬᠢᠨᠠᠨ ᠪᠤᠳᠤᠬᠤ ᠬᠢᠨᠠᠯᠲᠠ᠂ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠥᠯᠢᠵᠢᠭ᠌ᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠦᠨᠡᠨᠴᠢ ᠢᠲᠡᠭᠡᠮᠵᠢᠲᠡᠶ ᠬᠥᠬᠡᠬᠤᠲᠠ︾ ᠶᠢᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠳᠤᠷᠢᠳᠤᠮᠵᠢ ᠪᠣᠯᠭᠠᠵᠤ᠂ | ︽ᠰᠢᠨ᠎ᠡ ᠳᠠᠷᠤᠭ᠎ᠠ ᠬᠠᠭᠤᠴᠢᠨ ᠳᠠᠩᠰᠠ ᠶᠢ ᠡᠮᠬᠢᠯᠡᠬᠦ︾ ︽ᠣᠳᠣ ᠶᠢᠨ ᠳᠠᠷᠤᠭ᠎ᠠ ᠰᠢᠨ᠎ᠡ ᠥᠷᠢ ᠥᠭᠴᠡᠭᠡ | ᠭᠠᠷᠭᠠᠬᠤ ᠦᠭᠡᠢ︾ ᠪᠠᠶᠢᠬᠤ ᠶᠢ ᠪᠠᠷᠢᠮᠲᠠᠯᠠᠨ᠂ ︽ᠰᠢᠷᠭᠠᠭᠤ ᠠᠵᠢᠯᠯᠠᠬᠤ︾ ᠶᠢ ᠲᠡᠷᠢᠭᠦᠨ ᠳᠤ ᠲᠠᠯᠪᠢᠵᠤ᠂ ︽ | ᠪᠤᠰᠢᠭᠤ ᠲᠦᠷᠭᠡᠨ︾ ᠢ ᠴᠢᠬᠤᠯᠠᠴᠢᠯᠠᠵᠤ᠂ ᠡᠭᠦᠷᠭᠡᠯᠡᠬᠦ ᠶᠣᠰᠣᠲᠠᠶ ᠬᠠᠷᠢᠭᠤᠴᠠᠯᠭ᠎ᠠ ᠠᠴᠠ ᠶᠠᠭᠠᠬᠢᠭᠰᠠᠨ ᠴᠤ | ᠵᠠᠶᠢᠯᠠᠬᠤ ᠥᠬᠡᠶ᠂ ᠠᠬᠢᠭᠤᠯᠬᠤ ᠶᠣᠰᠣᠲᠠᠶ ᠠᠵᠢᠯ ᠢ ᠶᠠᠭᠠᠬᠢᠭᠰᠠᠨ ᠴᠤ ᠬᠤᠴᠤᠷᠤᠭᠳᠠᠭᠤᠯᠬᠤ ᠥᠬᠡᠶ᠂ ᠪᠣᠳᠠᠲᠤ | ᠠᠵᠢᠯᠯᠠᠭ᠎ᠠ ᠪᠠᠷ ᠢᠶᠠᠨ ᠪᠣᠳᠠᠲᠠᠶ ᠠᠵᠢᠯᠯᠠᠬᠤ ᠮᠥᠨ ᠴᠢᠨᠠᠷ ᠢᠶᠠᠨ ᠢᠯᠡᠷᠡᠭᠦᠯᠦᠨ᠎ᠡ᠃ ᠲᠦᠷᠪᠡ ᠳᠤ᠂ ᠠᠷᠠᠳ | ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠬᠤᠲᠠ ᠶᠢᠨ ᠠᠷᠠᠳ ᠣᠯᠠᠨ ᠤ ︽ᠠᠩᠬᠠᠷᠤᠯ ᠤᠨ ᠴᠡᠭ︾ ᠪᠠᠷ | ᠦᠢᠯᠡᠴᠢᠯᠡᠭᠡ ᠪᠠᠨ ᠰᠢᠯᠢᠳᠡᠭᠵᠢᠭᠦᠯᠬᠦ ︽ᠰᠢᠪᠲᠤᠯᠤᠯᠲᠠ ᠶᠢᠨ ᠴᠡᠭ︾ ᠪᠣᠯᠭᠠᠵᠤ᠂ ᠲᠥᠯᠥᠭᠡᠯᠡᠭᠴᠢ ᠭᠡᠰᠢᠭᠦᠳ ᠤᠨ | ︽ᠲᠥᠪᠯᠡᠷᠡᠯ ᠤᠨ ᠴᠡᠭ︾ ᠢᠶᠠᠷ ᠠᠵᠢᠯ ᠢᠶᠠᠨ ᠰᠠᠶᠢᠵᠢᠷᠠᠭᠤᠯᠬᠤ ︽ᠬᠦᠴᠦᠯᠡᠬᠦ ᠴᠡᠭ︾ ᠪᠣᠯᠭᠠᠵᠤ᠂ ᠵᠠᠰᠠᠭ ᠤᠨ | ᠣᠷᠳᠣᠨ ᠤ ︽ᠵᠣᠪᠠᠭᠤᠷᠢ ᠵᠦᠳᠡᠭᠦᠷᠢ ᠶᠢᠨ ᠬᠡᠮᠵᠢᠶ᠎ᠡ︾ ᠪᠠᠷ ᠤᠯᠠᠨ ᠲᠦᠮᠡᠨ ᠤ ︽ᠵᠣᠯ ᠵᠢᠷᠭᠠᠯ ᠤᠨ ᠬᠡᠮᠵᠢᠶ᠎ᠡ︾ ᠶᠢ | ᠰᠤᠯᠢᠬᠤ ᠪᠠᠷ ᠴᠢᠷᠮᠠᠶᠢᠨ᠎ᠠ᠃ ᠲᠠᠪᠤ ᠳᠤ᠂ ᠠᠷᠢᠭᠤᠨ ᠴᠢᠬᠡᠴᠢ ᠪᠠᠷ ᠬᠤᠷᠢᠭ᠎ᠠ ᠱᠤᠭᠤᠮ ᠪᠣᠯᠭᠠᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡᠪᠡᠷ | ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠡᠷᠬᠡ ᠶᠢ ᠠᠰᠢᠭᠯᠠᠨ ︽ | ᠠᠰᠢᠭ ᠬᠦᠷᠳᠡᠬᠦ︾᠂ ᠢᠨᠵᠧᠨᠧᠷᠢᠩ ᠳᠤ ᠭᠠᠷ ᠳᠦᠷᠦᠨ ︽ᠬᠤᠨᠵᠢᠪᠤᠷᠢ ᠤᠯᠬᠤ︾᠂ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠶᠢᠨ ︽ᠵᠠᠪᠰᠢᠶᠠᠨ ᠢ ᠲᠠᠯᠢᠮᠳᠠᠭᠤᠯᠬᠤ︾ ᠶᠢ ᠴᠢᠩᠭ᠎ᠠ ᠰᠡᠷᠭᠡᠶᠢᠯᠡᠵᠦ᠂ ᠤᠳᠠᠭ᠎ᠠ | ᠪᠦᠷᠢ ᠶᠢᠨ ᠰᠢᠢᠳᠪᠦᠷᠢᠲᠦ ᠪᠤᠳᠤᠯᠭ᠎ᠠ᠂ ᠠᠬᠢᠭᠤᠯᠤᠭᠰᠠᠨ ᠠᠵᠢᠯ ᠨᠢᠭᠡᠪᠦᠷᠢ ᠴᠥᠮ ᠲᠡᠦᠬᠡ ᠶᠢᠨ ᠰᠢᠯᠭᠠᠯᠲᠠ᠂ | ᠦᠢᠯᠡᠳᠦᠯᠭᠡ ᠶᠢᠨ ᠰᠢᠯᠭᠠᠯᠲᠠ᠂ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃ | ᠲᠥᠯᠥᠭᠡᠯᠡᠭᠴᠢᠳ ᠠ᠋᠂ ᠡᠷᠡᠯᠬᠡᠭᠯᠡᠨ ᠤᠷᠤᠭᠰᠢᠯᠠᠪᠠᠯ ᠯᠠᠪᠲᠠᠢ ᠨᠡᠩ ᠭᠤᠶᠢᠳᠠ ᠦᠵᠡᠮᠵᠢ ᠪᠤᠢ᠂ ᠴᠢᠷᠮᠠᠶᠢᠨ | ᠲᠡᠮᠡᠴᠡᠪᠡᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ ᠦᠭᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠬᠠᠷᠠᠯᠲᠠ ᠪᠠᠨ ᠲᠣᠭᠲᠠᠭᠠᠨ ᠬᠥᠭᠵᠢᠯᠲᠡ ᠶᠢ ᠠᠳᠬᠤᠨ᠂ ᠪᠦᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | |