ᠵᠣᠴᠢᠨ᠄ ᠬᠦᠬᠡᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠫᠧᠩ ᠹᠧᠩ ᠴᠢ | | | | | | ᠬᠥᠲᠥᠯᠥᠭᠴᠢ᠄ | ᠮᠠᠨ ᠤ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠪᠣᠯ | 2023 ᠣᠨ ᠳᠤ ᠫᠠᠶᠢᠰᠠ ᠡᠯᠭᠦᠨ ᠪᠠᠶᠢᠭᠤᠯᠤᠭᠰᠠᠨ ᠰᠠᠯᠠᠭ᠎ᠠ ᠮᠥᠴᠢᠷ ᠪᠣᠯᠣᠨ᠎ᠠ᠂ ᠪᠢᠳᠡ ᠮᠠᠰᠢ ᠣᠯᠠᠨ ᠬᠥᠮᠥᠰ | ᠴᠥᠮ ᠣᠶᠢᠯᠠᠭᠠᠬᠤ ᠦᠭᠡᠢ᠂ ᠲᠠ ᠣᠯᠠᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠬᠠᠮᠢᠶ᠎ᠠ ᠪᠦᠬᠦᠢ ᠠᠵᠢᠯ ᠢ ᠲᠠᠨᠢᠯᠴᠠᠭᠤᠯᠬᠤ ᠪᠣᠯᠬᠤ ᠤᠤ︖ | ᠫᠧᠩ ᠹᠧᠩ ᠴᠢ᠄ | ᠥᠨᠥᠳᠥᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ | ᠭᠤᠣᠯᠳᠠᠯᠭ᠎ᠠ ᠲᠠᠢ ᠲᠠᠨᠢᠯᠴᠠᠭᠤᠯᠤᠶ᠎ᠠ᠃ ᠶᠠᠭᠤᠨ ᠤ ᠡᠮᠦᠨ᠎ᠡ ᠪᠢ ᠤᠷᠢᠳ ᠢᠶᠠᠷ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠤᠳᠬ᠎ᠠ ᠠᠭᠤᠯᠭ᠎ᠠ ᠶᠢ ᠲᠠᠨᠢᠯᠴᠠᠭᠤᠯᠤᠶ᠎ᠠ᠂ ᠤᠯᠤᠰ ᠤᠨ ᠪᠠᠲᠤᠯᠠᠨ | ᠬᠠᠮᠠᠭᠠᠯᠠᠯᠲᠠ ᠪᠣᠯ ᠤᠯᠤᠰ ᠣᠷᠣᠨ ᠲᠦᠷᠢᠮᠡᠬᠡᠶᠢᠯᠡᠯ ᠢ ᠰᠡᠷᠭᠡᠶᠢᠯᠡᠬᠦ ᠪᠠ ᠡᠰᠡᠷᠭᠦᠴᠡᠬᠦ ᠶᠢ ᠡᠰᠡᠷᠭᠦᠴᠡᠵᠦ᠂ ᠵᠡᠪᠰᠡᠭᠲᠦ | ᠬᠦᠴᠦ ᠪᠠᠷ ᠨᠤᠷᠠᠭᠠᠬᠤ ᠪᠠ ᠬᠠᠭᠠᠴᠠᠭᠤᠯᠬᠤ ᠶᠢ ᠬᠤᠷᠢᠭᠯᠠᠨ᠂ ᠤᠯᠤᠰ ᠣᠷᠣᠨ ᠤ ᠡᠷᠬᠡ ᠮᠡᠳᠡᠯ᠂ ᠨᠢᠭᠡᠳᠦᠯ᠂ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ᠠᠮᠤᠷ ᠲᠦᠪᠰᠢᠨ ᠪᠠ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠬᠤ ᠶᠢᠨ ᠲᠥᠯᠥᠭᠡ ᠬᠢᠭᠰᠡᠨ ᠴᠡᠷᠢᠭ ᠤᠨ ᠶᠠᠪᠤᠳᠠᠯ ᠤᠨ ᠠᠵᠢᠯᠯᠠᠭ᠎ᠠ ᠵᠢᠴᠢ ᠴᠡᠷᠢᠭ ᠤᠨ | ᠶᠠᠪᠤᠳᠠᠯ ᠲᠠᠢ ᠬᠤᠯᠪᠣᠭᠳᠠᠬᠤ ᠤᠯᠤᠰ ᠲᠥᠷᠥ᠂ ᠠᠵᠤ ᠠᠬᠤᠢ᠂ ᠭᠠᠳᠠᠭᠠᠳᠤ ᠬᠠᠷᠢᠯᠴᠠᠭ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠠᠵᠢᠯᠯᠠᠭ᠎ᠠ ᠪᠣᠯᠣᠨ᠎ᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠪᠣᠯ ᠤᠯᠤᠰ ᠤᠨ ᠣᠷᠣᠰᠢᠨ ᠲᠣᠭᠲᠠᠨᠢᠬᠤ ᠪᠠ ᠬᠥᠭᠵᠢᠬᠦ ᠶᠢᠨ ᠠᠮᠤᠷ | ᠲᠦᠪᠰᠢᠨ ᠤ ᠪᠠᠲᠤᠯᠠᠭ᠎ᠠ ᠮᠥᠨ᠃ ᠳᠠᠶᠢᠴᠢᠯᠠᠯᠲᠠ ᠨᠢ ᠳᠠᠷᠤᠢ ᠶᠠᠮᠠᠷ ᠨᠢᠭᠡᠨ ᠵᠣᠷᠢᠯᠭ᠎ᠠ ᠶᠢ ᠪᠡᠶᠡᠯᠡᠭᠦᠯᠵᠦ᠂ ᠠᠯᠢᠪᠠ | ᠡᠨᠧᠷᠭᠢ ᠶᠢᠨ ᠨᠢᠭᠡᠴᠢ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠬᠡᠷᠡᠭᠯᠡᠵᠦ᠂ ᠬᠠᠮᠤᠭ ᠤᠨ ᠶᠡᠭᠡ | ᠴᠢᠳᠠᠪᠤᠷᠢ ᠪᠠᠨ ᠪᠠᠳᠠᠷᠠᠭᠤᠯᠬᠤ ᠶᠠᠪᠤᠳᠠᠯ ᠪᠣᠯᠣᠨ᠎ᠠ᠃ ᠡᠭᠦᠨ ᠠᠴᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠣᠯ ᠳᠠᠷᠤᠢ ᠤᠯᠤᠰ ᠠᠴᠠ ᠳᠠᠶᠢᠨ ᠪᠤᠶᠤ ᠪᠤᠰᠤᠳ ᠠᠮᠤᠷ ᠲᠦᠪᠰᠢᠨ ᠤ ᠰᠦᠷᠳᠡᠭᠦᠯᠦᠯ ᠢ | ᠠᠷᠭᠠᠴᠠᠬᠤ ᠶᠢᠨ ᠲᠥᠯᠥᠭᠡ ᠨᠡᠶᠢᠭᠡᠮ ᠤᠨ ᠡᠯ᠎ᠡ ᠬᠦᠷᠢᠶᠡᠨ ᠤ ᠪᠦᠬᠦ ᠪᠤᠶᠤ ᠬᠡᠰᠡᠭ ᠢ ᠡᠩ ᠤᠨ ᠦᠶ᠎ᠡ ᠶᠢᠨ | ᠪᠠᠶᠢᠳᠠᠯ ᠠᠴᠠ ᠳᠠᠶᠢᠨ ᠤ ᠦᠶ᠎ᠡ ᠶᠢᠨ ᠪᠠᠶᠢᠳᠠᠯ ᠪᠤᠶᠤ ᠪᠠᠴᠢᠮ ᠪᠠᠶᠢᠳᠠᠯ ᠳᠤ ᠣᠷᠣᠭᠤᠯᠬᠤ ᠶᠠᠪᠤᠳᠠᠯ ᠪᠣᠯᠣᠨ᠎ᠠ᠃ | ᠬᠥᠲᠥᠯᠥᠭᠴᠢ᠄ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠨᠢ ᠪᠢᠳᠡᠨ ᠳᠤ ᠠᠪᠴᠤ ᠬᠡᠯᠡᠪᠡᠯ ᠲᠠᠨᠢᠯ ᠪᠥᠭᠡᠳ | ᠲᠠᠨᠢᠯ ᠪᠤᠰᠤ ᠵᠦᠢᠯ ᠪᠣᠯᠣᠨ᠎ᠠ᠂ ᠲᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢ ᠳᠥᠭᠦᠮ ᠢᠶᠠᠷ | ᠲᠠᠨᠢᠯᠴᠠᠭᠤᠯᠵᠤ ᠪᠣᠯᠬᠤ ᠤᠤ︖ | ᠫᠧᠩ ᠹᠧᠩ ᠴᠢ᠄ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠡᠦᠬᠡ ᠪᠣᠯ ᠡᠷᠲᠡᠨ ᠠᠴᠠ ᠡᠷᠭᠢᠴᠡᠭᠦᠯᠵᠦ | ᠪᠣᠯᠣᠨ᠎ᠠ᠂ ᠨᠢᠭᠡᠨ ᠠᠭᠠᠵᠢᠮ ᠢᠶᠠᠷ ᠤᠷᠤᠭᠰᠢᠯᠠᠬᠤ ᠲᠡᠦᠬᠡᠨ ᠶᠠᠪᠤᠴᠠ ᠮᠥᠨ᠃ ᠪᠠᠯᠠᠷ ᠡᠷᠲᠡᠨ ᠤ ᠨᠡᠶᠢᠭᠡᠮ ᠤᠨ | ᠰᠡᠭᠦᠯᠴᠢ ᠶᠢᠨ ᠬᠤᠭᠤᠴᠠᠭᠠᠨ ᠳᠤ ᠦᠢᠯᠡᠳᠪᠦᠷᠢᠯᠡᠯ ᠤᠨ ᠬᠦᠴᠦᠨ ᠤ ᠳᠡᠭᠡᠭᠰᠢᠯᠡᠯᠲᠡ ᠪᠠ ᠳᠠᠶᠢᠨ ᠤ ᠪᠣᠶ ᠪᠣᠯᠬᠤ ᠶᠢ | ᠳᠠᠭᠠᠯᠳᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠤᠬᠤᠶᠢᠬᠤ ᠬᠡᠯᠪᠡᠷᠢ ᠡᠬᠢᠯᠡᠨ ᠢᠯᠡᠷᠡᠪᠡ᠃ | ᠪᠣᠭᠤᠯᠲᠤ ᠨᠡᠶᠢᠭᠡᠮ ᠤᠨ ᠡᠬᠢᠨ ᠤ ᠦᠶ᠎ᠡ ᠳᠤ ᠪᠣᠭᠤᠯ ᠤᠨ ᠡᠵᠡᠨ ᠨᠢ ᠪᠣᠭᠤᠯᠴᠤᠳ ᠢ ᠳᠠᠷᠤᠩᠭᠤᠶᠢᠯᠠᠵᠤ ᠪᠠᠶᠢᠭᠰᠠᠨ | ᠡᠰᠡᠷᠭᠦᠴᠡᠯ ᠪᠠ ᠭᠠᠳᠠᠭᠠᠳᠤ ᠶᠢᠨ ᠳᠠᠶᠢᠨ ᠳᠠᠵᠢᠨ ᠢᠶᠠᠷ ᠲᠤᠰᠬᠠᠢ ᠵᠡᠪᠰᠡᠭᠲᠦ ᠵᠣᠬᠢᠶᠠᠨ ᠪᠠᠶᠢᠭᠤᠯᠤᠯᠲᠠ ᠪᠠᠶᠢᠭᠤᠯᠪᠠ᠂ | ᠡᠨᠡ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠩᠬᠠᠨ ᠤ ᠬᠡᠯᠪᠡᠷᠢ ᠪᠣᠯᠣᠨ᠎ᠠ᠃ | ᠹᠧᠣᠳᠠᠯ ᠤᠨ ᠨᠡᠶᠢᠭᠡᠮ ᠳᠤ ᠣᠷᠣᠭᠰᠠᠨ ᠤ ᠳᠠᠷᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ | ᠤᠯᠠᠮ ᠨᠢᠭᠡ ᠠᠯᠬᠤᠮ ᠬᠥᠭᠵᠢᠪᠡ᠃ ᠪᠠᠶᠢᠯᠳᠤᠭᠠᠨᠲᠤ ᠤᠯᠤᠰ ᠤᠨ ᠦᠶ᠎ᠡ ᠳᠤ ᠡᠯ᠎ᠡ ᠤᠯᠤᠰ ᠳᠠᠢᠨ ᠤ | ᠬᠡᠷᠡᠭᠴᠡᠭᠡ ᠶᠢᠨ ᠲᠥᠯᠥᠭᠡ ᠨᠡᠶᠢᠳᠡ ᠶᠢᠨ ᠴᠡᠷᠢᠭ ᠤᠨ ᠠᠯᠪᠠ ᠶᠢᠨ ᠳᠦᠷᠢᠮ ᠢ ᠬᠡᠷᠡᠭᠵᠢᠭᠦᠯᠵᠦ᠂ ᠴᠡᠷᠢᠭ ᠤᠨ ᠠᠯᠪᠠ | ᠪᠠ ᠴᠡᠷᠢᠭ ᠤᠨ ᠳᠠᠢᠴᠢᠯᠠᠬᠤ ᠬᠡᠪᠴᠢᠶ᠎ᠡ ᠶᠢ ᠰᠢᠨ᠎ᠡ ᠪᠠᠷ ᠪᠤᠢ ᠪᠣᠯᠤᠭᠰᠠᠨ ᠲᠠᠷᠢᠶᠠᠴᠢᠳ ᠤᠨ ᠠᠩᠭᠢ ᠳᠤ ᠬᠦᠷᠲᠡᠯ᠎ᠡ | ᠥᠷᠭᠡᠳᠬᠡᠪᠡ᠃ ᠡᠨᠡ ᠬᠦ ᠬᠤᠭᠤᠴᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠨᠢ ᠴᠡᠷᠢᠭ ᠤᠨ | ᠳᠠᠶᠢᠴᠢᠯᠠᠯᠲᠠ ᠳᠤ ᠬᠤᠯᠪᠣᠭᠳᠠᠬᠤ ᠪᠠᠷ ᠪᠠᠷᠠᠬᠤ ᠦᠭᠡᠢ ᠪᠠᠰᠠ ᠡᠳ᠋ ᠪᠣᠳᠠᠰ ᠤᠨ ᠳᠠᠶᠢᠴᠢᠯᠠᠯᠲᠠ ᠶᠢ ᠪᠠᠭᠲᠠᠭᠠᠨ᠎ᠠ᠂ | ᠵᠢᠱᠢᠶᠡᠯᠡᠪᠡᠯ ᠠᠮᠤ ᠪᠤᠳᠠᠭ᠎ᠠ᠂ ᠬᠤᠪᠴᠠᠰᠤ ᠬᠤᠨᠠᠷ ᠵᠡᠷᠭᠡ ᠳᠠᠶᠢᠨ ᠤ ᠡᠳ᠋ ᠪᠣᠳᠠᠰ ᠤᠨ ᠪᠡᠯᠡᠳᠬᠡᠯ ᠪᠠ | ᠲᠣᠬᠢᠷᠠᠭᠤᠯᠤᠯᠲᠠ ᠶᠢ ᠪᠠᠭᠲᠠᠭᠠᠵᠤ ᠪᠠᠶᠢᠪᠠ᠃ ᠣᠶᠢᠷ᠎ᠠ ᠦᠶ᠎ᠡ ᠪᠣᠯᠬᠤ ᠳᠤ ᠬᠥᠷᠥᠩᠭᠡᠲᠦ ᠶᠣᠰᠣᠨ ᠤ | ᠦᠢᠯᠡᠳᠪᠦᠷᠢᠯᠡᠯ ᠤᠨ ᠬᠠᠷᠢᠴᠠᠭᠠᠨ ᠤ ᠬᠥᠭᠵᠢᠯᠲᠡ ᠶᠢ ᠳᠠᠭᠠᠯᠳᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠤᠯᠠᠮ ᠢᠶᠠᠷ ᠲᠤᠰᠬᠠᠶᠢᠵᠢᠪᠠ᠃ 1793 ᠣᠨ ᠳᠤ ᠹᠷᠠᠨᠼᠢ ᠨᠢ ᠬᠥᠷᠥᠩᠭᠡᠲᠡᠨ ᠠᠩᠭᠢ ᠶᠢᠨ | ᠬᠤᠪᠢᠰᠬᠠᠯ ᠤᠨ ᠳᠠᠷᠠᠭ᠎ᠠ ︽ᠪᠦᠬᠦ ᠤᠯᠤᠰ ᠤᠨ ᠶᠡᠷᠦᠩᠬᠡᠢ ᠳᠠᠶᠢᠴᠢᠯᠠᠯᠲᠠ ᠶᠢᠨ ᠬᠠᠤᠯᠢ ᠵᠠᠷᠯᠢᠭ︾ ᠢ ᠨᠡᠶᠢᠲᠡᠯᠡᠭᠰᠡᠨ | ᠶᠠᠪᠤᠳᠠᠯ ᠪᠣᠯ ᠣᠷᠴᠢᠨ ᠦᠶ᠎ᠡ ᠶᠢᠨ ᠳᠠᠶᠢᠴᠢᠯᠠᠯᠲᠠ ᠶᠢᠨ ᠳᠦᠷᠢᠮ ᠤᠨ ᠡᠭᠦᠳᠦᠯᠲᠡ ᠮᠥᠨ᠃ ᠡᠭᠦᠨ ᠠᠴᠠ ᠰᠡᠭᠦᠯᠡᠷ᠂ | ᠮᠠᠰᠢ ᠣᠯᠠᠨ ᠤᠯᠤᠰ᠂ ᠳᠠᠶᠢᠴᠢᠯᠠᠭ᠎ᠠ ᠶᠢᠨ ᠬᠠᠤᠯᠢ ᠴᠠᠭᠠᠵᠠ ᠪᠣᠯᠣᠨ ᠬᠠᠤᠯᠢ ᠲᠣᠭᠲᠠᠭᠠᠯ ᠢ ᠲᠣᠭᠲᠠᠭᠠᠵᠤ᠂ | ᠤᠯᠤᠰ ᠤᠨ ᠳᠠᠶᠢᠨ ᠤ ᠪᠠᠶᠢᠳᠠᠯ ᠳᠤ ᠣᠷᠣᠬᠤ ᠶᠢ ᠪᠠᠲᠤᠯᠠᠬᠤ ᠦᠶᠡᠰ᠂ ᠤᠯᠤᠰ ᠣᠷᠣᠨ ᠤ ᠠᠯᠢᠪᠠ ᠡᠬᠢ ᠪᠠᠶᠠᠯᠢᠭ ᠢ | ᠦᠳᠲᠡᠷ ᠲᠦᠷᠭᠡᠨ ᠪᠥᠲᠥᠮᠵᠢᠲᠡᠢ ᠪᠠᠷ ᠳᠠᠢᠴᠢᠯᠠᠯᠲᠠ ᠶᠢᠨ ᠬᠡᠷᠡᠭᠴᠡᠭᠡ ᠶᠢ ᠠᠷᠭᠠᠴᠠᠭᠠᠬᠤ ᠶᠢ ᠪᠠᠲᠤᠯᠠᠪᠠ᠃ | ᠬᠥᠲᠥᠯᠥᠭᠴᠢ᠄ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠡᠦᠬᠡᠨ ᠬᠤᠪᠢᠷᠠᠯᠲᠠ ᠨᠢ ᠡᠶᠢᠮᠦ ᠤᠷᠲᠤ | ᠤᠳᠠᠭᠠᠨ ᠪᠠᠶᠢᠵᠤ᠂ ᠮᠠᠨ ᠤ ᠤᠯᠤᠰ ᠤᠨ ᠣᠳᠣ ᠪᠠᠶᠢᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠪᠠᠶᠢᠭᠤᠯᠤᠮᠵᠢ ᠶᠠᠮᠠᠷ ᠪᠠᠶᠢᠨ᠎ᠠ ᠪᠣᠢ︖ | ᠫᠧᠩ ᠹᠧᠩ ᠴᠢ᠄ | ᠮᠠᠨ ᠤ ᠤᠯᠤᠰ ᠤᠨ ᠣᠳᠣᠬᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ | ᠪᠣᠯ ᠭᠠᠳᠠᠭᠠᠳᠤ ᠶᠢᠨ ᠳᠠᠶᠢᠰᠤᠨ ᠤ ᠲᠦᠷᠢᠮᠡᠬᠡᠶᠢᠯᠡᠯ ᠢ ᠰᠡᠷᠭᠡᠶᠢᠯᠡᠬᠦ ᠪᠠᠷ ᠵᠣᠷᠢᠯᠭ᠎ᠠ ᠪᠣᠯᠭᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠤᠰ ᠤᠯᠤᠰ ᠤᠨ ᠢᠶᠠᠨ ᠬᠦᠴᠦᠨ ᠳᠤ ᠲᠦᠰᠢᠭᠯᠡᠨ᠂ | ᠤᠯᠠᠨ ᠤᠯᠤᠰ ᠤᠨ ᠥᠷᠥ ᠡᠪᠡᠳᠬᠦ ᠪᠠ ᠳᠡᠮᠵᠢᠯᠭᠡ ᠶᠢ ᠥᠷᠭᠡᠨ ᠢᠶᠠᠷ ᠣᠯᠵᠤ᠂ ᠲᠤᠰ ᠤᠯᠤᠰ ᠤᠨ ᠢᠶᠠᠨ ᠠᠮᠤᠷ | ᠲᠦᠪᠰᠢᠨ ᠢ ᠬᠠᠮᠠᠭᠠᠯᠠᠬᠤ᠂ ᠡᠷᠬᠢᠨ ᠲᠣᠭᠤᠷᠢᠨ ᠤ ᠭᠠᠵᠠᠷ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠬᠡᠯᠪᠡᠷᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ᠎ᠠ᠃ ᠮᠠᠨ ᠤ | ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠪᠣᠯ ᠵᠥᠪᠯᠡᠯᠲᠦ | ᠬᠤᠯᠪᠣᠭᠠᠲᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠢᠶᠠᠷ ᠲᠣᠯᠢ | ᠪᠣᠯᠭᠠᠵᠤ᠂ ᠮᠠᠨ ᠤ ᠨᠠᠮ ᠤᠨ ᠬᠤᠪᠢᠰᠬᠠᠯᠲᠤ ᠳᠠᠶᠢᠨ ᠤ ᠳᠠᠶᠢᠴᠢᠯᠠᠯᠲᠠ ᠶᠢᠨ ᠲᠤᠷᠰᠢᠯᠭ᠎ᠠ ᠶᠢ ᠵᠠᠯᠭᠠᠮᠵᠢᠯᠠᠵᠤ᠂ ᠮᠠᠨ ᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠠᠶᠢᠭᠤᠯᠤᠭᠰᠠᠨ ᠶᠤᠮ᠂ ᠲᠡᠭᠦᠨ ᠢ ᠪᠤᠢ ᠪᠣᠯᠭᠠᠭᠰᠠᠨ ᠪᠠ | ᠬᠥᠭᠵᠢᠭᠦᠯᠦᠭᠰᠡᠨ ᠨᠢ ᠶᠡᠭᠡ ᠲᠥᠯᠥᠪ ᠲᠠᠪᠤᠨ ᠬᠥᠭᠵᠢᠯᠲᠡ ᠶᠢᠨ ᠱᠠᠲᠤ ᠦᠶ᠎ᠡ ᠶᠢ ᠥᠩᠭᠡᠷᠡᠭᠦᠯᠵᠡᠢ᠄ 1949 - | 1955 ᠤᠨ ᠪᠣᠯ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠢ ᠬᠠᠶᠢᠨ ᠰᠦᠪᠡᠭᠴᠢᠯᠡᠯᠲᠡ ᠶᠢᠨ ᠬᠤᠭᠤᠴᠠᠭ᠎ᠠ | ᠪᠣᠯᠣᠨ᠎ᠠ᠂ 1956-1962 ᠤᠨ ᠪᠣᠯ ᠶᠡᠷᠦ ᠪᠤᠰᠤ ᠶᠢᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ᠂ | 1962-1978 ᠤᠨ ᠪᠣᠯ ᠶᠡᠷᠦ ᠪᠤᠰᠤ ᠶᠢᠨ ᠬᠥᠭᠵᠢᠯᠲᠡ ᠶᠢᠨ ᠴᠠᠭ ᠦᠶ᠎ᠡ᠂ 1978-1993 ᠤᠨ | ᠬᠦᠷᠲᠡᠯ᠎ᠡ ᠲᠣᠬᠢᠷᠠᠭᠤᠯᠤᠯᠲᠠ ᠬᠢᠬᠦ ᠴᠠᠭ ᠬᠤᠭᠤᠴᠠᠭ᠎ᠠ ᠪᠠᠶᠢᠵᠤ᠂ 1994 ᠣᠨ ᠠᠴᠠ ᠣᠳᠣ ᠬᠦᠷᠲᠡᠯ᠎ᠡ | ᠲᠡᠭᠦᠯᠳᠡᠷᠵᠢᠭᠰᠡᠨ ᠴᠠᠭ ᠬᠤᠭᠤᠴᠠᠭ᠎ᠠ ᠪᠣᠯᠣᠨ᠎ᠠ᠃ 2022 ᠣᠨ ᠳᠤ ᠡᠬᠢᠯᠡᠭᠦᠯᠦᠭᠰᠡᠨ ᠰᠢᠨ᠎ᠡ ᠨᠢᠭᠡ ᠡᠭᠡᠯᠵᠢ ᠶᠢᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠯ᠎ᠡ ᠭᠠᠵᠠᠷ ᠲᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠪᠠᠶᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠡᠷᠦᠩᠬᠡᠶᠢᠯᠡᠨ ᠵᠣᠬᠢᠴᠠᠭᠤᠯᠬᠤ᠂ ᠪᠦᠲᠦᠭᠡᠨ ᠪᠠᠶᠢᠭᠤᠯᠵᠤ ᠬᠠᠮᠢᠶᠠᠷᠬᠤ ᠵᠡᠷᠭᠡ | ᠡᠭᠦᠷᠭᠡ ᠴᠢᠳᠠᠪᠤᠷᠢ ᠶᠢ ᠮᠤᠵᠢ ᠶᠢᠨ ᠴᠡᠷᠢᠭ ᠤᠨ ᠲᠣᠭᠤᠷᠢᠭ ᠤᠨ ᠰᠢᠰᠲ᠋ᠧᠮ ᠠᠴᠠ ᠠᠳᠠᠯᠢ ᠱᠠᠲᠤᠨ ᠤ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠬᠦᠷᠲᠡᠯ᠎ᠡ ᠦᠨᠳᠦᠰᠦᠨ ᠠᠴᠠ ᠨᠢ ᠬᠤᠪᠢᠷᠠᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠦᠨᠳᠦᠰᠦᠨ ᠲᠠᠯ᠎ᠠ ᠠᠴᠠ ᠴᠡᠷᠢᠭ ᠤᠨ ᠶᠠᠪᠤᠳᠠᠯ ᠤᠨ | ᠪᠠᠶᠢᠭᠤᠯᠭ᠎ᠠ ᠠᠴᠠ ︽ᠨᠢᠭᠡ ᠬᠥᠮᠥᠨ ᠡᠭᠦᠷᠭᠡᠯᠡᠬᠦ︾᠂ ︽ᠭᠠᠭᠴᠠ ᠬᠥᠮᠥᠨ ᠵᠦᠴᠦᠭᠡ︾ ᠳᠠᠭᠤᠯᠠᠬᠤ ᠪᠠᠶᠢᠳᠠᠯ ᠢ | ᠬᠤᠪᠢᠷᠠᠭᠤᠯᠪᠠ᠃ ᠡᠭᠦᠨ ᠳᠤ ᠨᠡᠯᠢᠶᠡᠳ ᠢᠯᠡᠷᠬᠡᠢ ᠬᠤᠪᠢᠷᠠᠯᠲᠠ ᠪᠣᠯ ᠡᠯ᠎ᠡ ᠭᠠᠵᠠᠷ ᠤᠨ ᠬᠢᠨ ᠨᠢ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠢᠶᠠᠷ ᠰᠠᠭᠤᠷᠢ ᠪᠣᠯᠭᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠠᠯᠪᠠᠨ ᠭᠡᠷ ᠢ ᠪᠠᠶᠢᠭᠤᠯᠵᠤ᠂ ᠠᠳᠠᠯᠢ ᠱᠠᠲᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠵᠥᠪᠯᠡᠯ ᠤᠨ ᠶᠡᠷᠦᠩᠬᠡᠶᠢᠯᠡᠭᠰᠡᠨ ᠠᠯᠪᠠᠨ ᠭᠡᠷ ᠤᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ | ᠶᠠᠪᠤᠳᠠᠯ ᠪᠣᠯᠣᠨ᠎ᠠ᠃ | ᠬᠥᠲᠥᠯᠥᠭᠴᠢ᠄ | ᠰᠠᠶᠢᠬᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠰᠠᠭᠤᠷᠢᠨ ᠳᠡᠭᠡᠷ᠎ᠡ ᠪᠠᠶᠢᠭᠤᠯᠤᠭᠰᠠᠨ | ᠭᠡᠵᠦ ᠳᠤᠷᠠᠳᠤᠭᠰᠠᠨ ᠶᠤᠮ᠂ ᠲᠡᠭᠡᠪᠡᠯ ᠡᠮᠦᠨᠡᠬᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠲᠠᠢ | ᠠᠳᠠᠯᠢᠳᠬᠠᠪᠠᠯ᠂ ᠬᠤᠶᠠᠭᠤᠯᠠ ᠳᠤ ᠶᠠᠮᠠᠷ ᠬᠤᠯᠪᠤᠭ᠎ᠠ ᠲᠠᠢ ᠪᠣᠢ︖ | ᠫᠧᠩ ᠹᠧᠩ ᠴᠢ᠄ | ᠠᠷᠠᠳ ᠤᠨ ᠠᠭᠠᠷ ᠤᠨ ᠰᠡᠷᠭᠡᠶᠢᠯᠡᠯᠲᠡ ᠭᠡᠳᠡᠭ ᠨᠢ ᠠᠷᠠᠳ ᠣᠯᠠᠨ ᠢ ᠳᠠᠶᠢᠴᠢᠯᠠᠨ ᠵᠣᠬᠢᠶᠠᠨ ᠪᠠᠶᠢᠭᠤᠯᠵᠤ | ᠳᠠᠶᠢᠰᠤᠨ ᠤ ᠠᠭᠠᠷ ᠤᠨ ᠳᠠᠭᠠᠷᠢᠯᠲᠠ ᠠᠴᠠ ᠰᠡᠷᠭᠡᠶᠢᠯᠡᠬᠦ ᠪᠠ ᠠᠭᠠᠷ ᠤᠨ ᠳᠠᠭᠠᠷᠢᠯᠲᠠ ᠶᠢ ᠠᠷᠢᠯᠭᠠᠬᠤ ᠶᠢᠨ ᠲᠥᠯᠥᠭᠡ | ᠠᠪᠤᠭᠰᠠᠨ ᠠᠷᠭ᠎ᠠ ᠬᠡᠮᠵᠢᠶ᠎ᠡ ᠪᠣᠯᠣᠨ ᠠᠵᠢᠯᠯᠠᠭ᠎ᠠ ᠪᠣᠯᠣᠨ᠎ᠠ᠂ ᠭᠤᠣᠯ ᠡᠭᠦᠷᠭᠡ ᠨᠢ ᠪᠣᠯ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠲᠤᠰᠬᠠᠢ ᠮᠡᠷᠭᠡᠵᠢᠯ ᠤᠨ ᠡᠩᠨᠡᠭᠡ ᠶᠢ ᠥᠷᠭᠡᠳᠬᠡᠨ ᠪᠠᠶᠢᠭᠤᠯᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢ ᠶᠡᠷᠦ ᠶᠢᠨ ᠪᠠᠶᠢᠳᠠᠯ ᠪᠠ ᠳᠠᠶᠢᠨ ᠤ ᠦᠶ᠎ᠡ ᠳᠤ ᠤᠯᠠᠷᠢᠭᠤᠯᠤᠨ ᠬᠤᠪᠢᠷᠠᠭᠤᠯᠬᠤ | ᠶᠠᠪᠤᠳᠠᠯ ᠪᠣᠯᠣᠨ᠎ᠠ᠃ ᠣᠶᠢᠷ᠎ᠠ ᠶᠢᠨ ᠵᠢᠯ ᠤᠨ ᠲᠤᠷᠰᠢ ᠳᠡᠯᠡᠬᠡᠢ ᠶᠢᠨ ᠬᠡᠪᠴᠢᠶᠡᠨ ᠳᠠᠬᠢ ᠬᠡᠳᠦᠨ ᠤᠳᠠᠭᠠᠨ ᠤ ᠬᠡᠰᠡᠭ | ᠲᠠᠯ᠎ᠠ ᠶᠢᠨ ᠲᠡᠶᠢᠨ ᠤ ᠪᠠᠶᠢᠳᠠᠯ ᠠᠴᠠ ᠦᠵᠡᠪᠡᠯ᠂ ᠲᠡᠶᠢᠨ ᠤ ᠬᠤᠶᠠᠷ ᠲᠠᠯ᠎ᠠ ᠪᠠᠷ ᠢᠶᠠᠨ ᠴᠢᠬᠤᠯᠠ ᠠᠵᠤ ᠠᠬᠤᠢ ᠶᠢᠨ | ᠬᠠᠷᠠᠯᠲᠠ ᠪᠠ ᠬᠤᠲᠠ ᠶᠢᠨ ᠠᠷᠠᠳ ᠤᠨ ᠠᠮᠢᠳᠤᠷᠠᠯ ᠤᠨ ᠲᠥᠬᠦᠭᠡᠷᠦᠮᠵᠢ ᠶᠢᠨ ᠲᠣᠭᠤᠷᠢᠨ ᠳᠤ ᠠᠭᠠᠷ ᠤᠨ | ᠳᠠᠭᠠᠷᠢᠯᠲᠠ ᠪᠠ ᠠᠭᠠᠷ ᠤᠨ ᠳᠠᠭᠠᠷᠢᠯᠲᠠ ᠶᠢ ᠡᠰᠡᠷᠭᠦᠴᠡᠬᠦ ᠲᠡᠮᠡᠴᠡᠯ ᠤᠷᠢᠳ ᠡᠮᠦᠨ᠎ᠡ ᠭᠠᠷᠤᠭ᠎ᠠ ᠦᠭᠡᠢ | ᠰᠢᠷᠦᠭᠦᠰᠴᠦ ᠪᠠᠶᠢᠨ᠎ᠠ᠃ ᠨᠢᠭᠡ ᠤᠯᠤᠰ᠂ ᠨᠢᠭᠡ ᠬᠤᠲᠠ ᠨᠢ ᠭᠠᠭᠴᠠᠬᠦ ᠰᠡᠷᠭᠡᠶᠢᠯᠡᠬᠦ ᠳᠣᠲᠣᠮ ᠪᠠᠶᠢᠭᠤᠯᠵᠤ ᠴᠢᠳᠠᠨ᠎ᠠ᠂ | ᠲᠡᠳᠦᠢ ᠪᠠᠶᠢᠭᠤᠯᠬᠤ ᠳᠣᠲᠣᠮ ᠬᠦᠴᠦᠷᠬᠡᠭᠵᠢᠨ᠎ᠡ᠂ ᠬᠡᠷᠪᠡ ᠪᠠᠶᠢᠭᠤᠯᠤᠭᠠᠳ ᠰᠡᠷᠭᠡᠶᠢᠯᠡᠬᠦ ᠦᠭᠡᠢ ᠪᠣᠯ ᠬᠤᠭᠤᠰᠤᠨ | ᠶᠠᠭᠠᠷᠠᠭᠰᠠᠨ ᠤᠴᠢᠷ ᠪᠣᠯᠣᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ | ᠪᠦᠷᠢᠯᠳᠦᠭᠦᠨ ᠬᠡᠰᠡᠭ ᠮᠥᠨ ᠭᠡᠳᠡᠭ ᠢ ᠮᠡᠳᠡᠵᠦ ᠪᠣᠯᠣᠨ᠎ᠠ᠃ ᠡᠨᠡᠬᠦ ᠤᠳᠬ᠎ᠠ ᠠᠭᠤᠯᠭ᠎ᠠ ᠶᠢᠨ ᠲᠠᠯ᠎ᠠ ᠠᠴᠠ | ᠣᠶᠢᠯᠭᠠᠪᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠨᠢ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠵᠢᠯ ᠤᠨ ᠬᠡᠪᠴᠢᠶ᠎ᠡ ᠠᠴᠠ ᠨᠡᠩ ᠥᠷᠭᠡᠨ ᠪᠠᠶᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠡᠭᠦᠷᠭᠡ ᠴᠢᠳᠠᠪᠤᠷᠢ ᠶᠢ ᠰᠠᠶᠢᠲᠤᠷ ᠭᠦᠢᠴᠡᠳᠬᠡᠵᠦ᠂ ᠡᠭᠦᠷᠭᠡ ᠨᠡᠩ ᠬᠠᠲᠠᠭᠤ ᠪᠡᠷᠬᠡ᠂ | ᠬᠠᠷᠢᠭᠤᠴᠠᠯᠭ᠎ᠠ ᠨᠡᠩ ᠬᠦᠨᠳᠦ ᠶᠡᠭᠡ ᠪᠠᠶᠢᠵᠤ᠂ ᠡᠯ᠎ᠡ ᠲᠠᠯ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠦᠢᠯᠡᠰ ᠢ ᠬᠠᠯᠠᠮᠵᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠠᠵᠢᠯ ᠢ ᠳᠡᠮᠵᠢᠬᠦ ᠶᠢ ᠨᠡᠩ ᠱᠠᠭᠠᠷᠳᠠᠵᠤ ᠪᠠᠶᠢᠨ᠎ᠠ᠃ | | |