ᠶᠢᠩ ᠪᠢᠨ ᠨᠡᠶᠢᠭᠡᠮ ᠲᠣᠭᠤᠷᠢᠭ ᠲᠤ ᠡᠮᠡᠭᠲᠡᠶᠢᠴᠦᠳ ᠤᠨ ᠭᠠᠷ ᠤᠷᠠᠯᠠᠯ ᠭᠦᠷᠦᠮᠡᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/3/31
     ᠨᠠᠩ ᠣᠯᠠᠨ ᠡᠮᠡᠭᠲᠡᠶᠢᠴᠦᠳ ᠤᠨ ᠬᠡᠷᠡᠭᠯᠡᠭᠡᠨ ᠤ ᠤᠷ᠎ᠠ ᠴᠢᠳᠠᠪᠤᠷᠢ ᠶᠢ ᠡᠵᠡᠮᠰᠢᠬᠦ ᠳᠤ ᠬᠦᠴᠦᠨ ᠨᠡᠮᠡᠷᠢᠯᠡᠵᠦ᠂ ᠭᠡᠷ ᠲᠤ ᠪᠠᠨ ᠰᠠᠭᠤᠵᠤ ᠠᠮᠢᠳᠤᠯᠢᠭ ᠢᠶᠠᠷ ᠠᠵᠢᠯ ᠣᠯᠬᠤ ᠪᠠ ᠦᠢᠯᠡᠰ ᠪᠣᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ 3 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠶᠢᠩ ᠪᠢᠨ ᠨᠡᠶᠢᠭᠡᠮ ᠲᠣᠭᠤᠷᠢᠭ ᠪᠣᠯᠣᠨ ᠥᠪᠥᠷ ᠮᠣᠩᠭᠤᠯ ᠤᠨ ᠶᠢᠨ ᡁᠢ ᠷᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽ᠡᠮᠡᠭᠲᠡᠶᠢᠴᠦᠳ ᠤᠨ ᠭᠠᠷ ᠤᠷᠠᠯᠠᠯ ᠭᠦᠷᠦᠮᠡᠯ ᠤᠨ ᠪᠣᠯᠪᠠᠰᠤᠷᠠᠯ︾ ᠳᠠᠬᠢᠨᠲᠠ ᠡᠬᠢᠯᠡᠪᠡ᠃
     ᠪᠣᠯᠪᠠᠰᠤᠷᠠᠯ ᠤᠨ ᠲᠤᠬᠠᠢ ᠶᠢᠨ ᠲᠠᠯᠠᠪᠤᠷ ᠲᠤ᠂ ᠪᠠᠭᠰᠢ ᠨᠠᠷ ᠦᠨᠳᠦᠰᠦᠨ ᠭᠦᠷᠦᠮᠡᠯ ᠤᠨ ᠤᠷ᠎ᠠ ᠮᠡᠷᠭᠡᠵᠢᠯ ᠢ ᠨᠠᠷᠢᠨ ᠨᠢᠮᠪᠠᠢ ᠲᠠᠶᠢᠯᠪᠤᠷᠢᠯᠠᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠦᠵᠡᠭᠦᠯᠭᠡ ᠶᠢ ᠵᠡᠷᠭᠡ ᠪᠠᠷ ᠬᠢᠭᠰᠡᠨ ᠪᠠᠶᠢᠨ᠎ᠠ᠃ ᠡᠮᠡᠭᠲᠡᠶᠢᠴᠦᠳ ᠪᠦᠬᠦ ᠠᠩᠬᠠᠷᠤᠯ ᠢᠶᠠᠨ ᠲᠥᠪᠯᠡᠷᠡᠭᠦᠯᠦᠨ ᠰᠣᠨᠣᠰᠴᠤ᠂ ᠶᠠᠮᠠᠷ ᠴᠤ ᠨᠠᠷᠢᠨ ᠵᠦᠢᠯᠡᠰ ᠢ ᠠᠯᠳᠠᠬᠤ ᠠᠴᠠ ᠰᠡᠷᠭᠡᠶᠢᠯᠡᠵᠦ᠂ ᠮᠠᠳᠠᠭ ᠲᠠᠢ ᠭᠠᠵᠠᠷ ᠲᠣᠬᠢᠶᠠᠯᠳᠤᠪᠠᠯ ᠠᠰᠠᠭᠤᠯᠲᠠ ᠠᠰᠠᠭᠤᠨ᠎ᠠ᠃ ᠪᠠᠭᠰᠢ ᠨᠠᠷ ᠠᠰᠠᠭᠤᠳᠠᠯ ᠨᠢᠭᠡᠪᠦᠷᠢ ᠶᠢ ᠨᠠᠷᠢᠨ ᠬᠢᠨᠠᠮᠠᠭᠠᠢ ᠬᠠᠷᠢᠭᠤᠯᠵᠤ᠂ ᠨᠠᠭᠠᠰᠢ ᠴᠠᠭᠠᠰᠢ ᠶᠠᠪᠤᠬᠤ ᠪᠠ ᠬᠠᠷᠢᠯᠴᠠᠨ ᠨᠥᠬᠦᠴᠡᠯᠳᠦᠬᠦ ᠠᠭᠤᠷ ᠠᠮᠢᠰᠬᠤᠯ ᠶᠡᠷᠦ ᠪᠤᠰᠤ ᠶᠢᠨ ᠪᠠᠶᠢᠨ᠎ᠠ᠃
     ᠲᠠᠶᠢᠯᠤᠮᠵᠢ ᠶᠢᠨ ᠭᠤᠭᠴᠤᠭ᠎ᠠ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠥᠪᠡᠷ ᠤᠨ ᠭᠦᠷᠦᠮᠡᠯ ᠤᠨ ᠠᠶᠠᠨ ᠢᠶᠠᠨ ᠡᠬᠢᠯᠡᠭᠦᠯᠪᠡ᠃ ᠡᠭᠦᠨ ᠳᠤ ᠵᠠᠷᠢᠮ ᠪᠣᠯᠪᠠᠰᠤᠷᠠᠩᠭᠤᠢ ᠡᠮᠡᠭᠲᠡᠶᠢᠴᠦᠳ ᠤᠷ᠎ᠠ ᠮᠡᠷᠭᠡᠵᠢᠯ ᠢ ᠮᠠᠰᠢ ᠲᠦᠷᠭᠡᠨ ᠡᠵᠡᠮᠰᠢᠪᠡ᠂ ᠠᠩᠬ᠎ᠠ ᠤᠳᠠᠭ᠎ᠠ ᠭᠥᠷᠥᠵᠦ ᠪᠠᠶᠢᠭ᠎ᠠ ᠡᠮᠡᠭᠲᠡᠶᠢᠴᠦᠳ ᠪᠠᠭᠰᠢ ᠪᠣᠯᠣᠨ ᠨᠡᠶᠢᠭᠡᠮ ᠲᠣᠭᠤᠷᠢᠭ ᠤᠨ ᠠᠵᠢᠯᠲᠠᠳ ᠤᠨ ᠬᠦᠯᠢᠴᠡᠩᠭᠦᠢ ᠵᠢᠯᠣᠭᠤᠳᠤᠯᠭ᠎ᠠ ᠳᠣᠣᠷ᠎ᠠ ᠴᠤ ᠠᠭᠠᠵᠢᠮ ᠢᠶᠠᠷ ᠰᠠᠶᠢᠨ ᠪᠠᠶᠢᠳᠠᠯ ᠳᠤ ᠣᠷᠣᠵᠤ᠂ ᠠᠭᠠᠵᠢᠮ ᠢᠶᠠᠷ ᠤᠷ᠎ᠠ ᠮᠡᠷᠭᠡᠵᠢᠯ ᠢ ᠡᠵᠡᠮᠰᠢᠭᠰᠡᠨ ᠪᠠᠶᠢᠨ᠎ᠠ᠃
     ᠴᠠᠭ ᠭᠠᠷᠤᠢ ᠶᠢᠨ ᠴᠢᠷᠮᠠᠶᠢᠯᠭ᠎ᠠ ᠪᠠᠷ ᠣᠯᠠᠨ ᠤ ᠭᠠᠷ ᠲᠤ ᠮᠣᠩᠭᠤᠯ ᠭᠡᠷ ᠤᠨ ᠠᠩᠬᠠᠨ ᠤ ᠳᠦᠷᠰᠦ ᠪᠠᠶᠢᠳᠠᠯ ᠲᠠᠢ ᠪᠣᠯᠵᠠᠢ᠃ ᠬᠥᠮᠥᠨ ᠪᠣᠯᠭᠠᠨ ᠤ ᠬᠠᠴᠠᠷ ᠳᠡᠭᠡᠷ᠎ᠡ ᠪᠠᠶᠠᠷ ᠪᠠᠭ᠋ᠠᠳᠤᠯ ᠪᠢᠯᠬᠠᠵᠤ᠂ ᠲᠡᠳᠡ ᠴᠥᠮ ᠥᠪᠡᠷ ᠤᠨ ᠪᠦᠲᠦᠭᠡᠯ ᠢᠶᠠᠨ ᠡᠷᠭᠦᠵᠦ᠂ ᠬᠠᠷᠢᠯᠴᠠᠨ ᠰᠣᠨᠢᠷᠬᠠᠵᠤ᠂ ᠬᠠᠷᠢᠯᠴᠠᠨ ᠮᠠᠭᠲᠠᠨ ᠰᠠᠶᠢᠰᠢᠶᠠᠵᠤ᠂ ᠬᠠᠮᠲᠤ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ᠂ ᠡᠨᠡ ᠬᠦ ᠰᠠᠶᠢᠨ ᠰᠠᠶᠢᠬᠠᠨ ᠴᠠᠭ ᠮᠥᠴᠡ ᠶᠢ ᠲᠡᠮᠳᠡᠭᠯᠡᠪᠡ᠃
     ᠳᠠᠷᠠᠭᠠᠴᠢ ᠶᠢᠨ ᠠᠯᠬᠤᠮ ᠳᠤ᠂ ᠶᠢᠩ ᠪᠢᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠭᠠᠷ ᠤᠷᠠᠯᠠᠯ ᠪᠠ ᠦᠢᠯᠡᠰ ᠪᠣᠰᠬᠠᠵᠤ ᠠᠵᠢᠯ ᠣᠯᠭᠤᠬᠤ ᠡᠬᠢ ᠪᠠᠶᠠᠯᠢᠭ ᠢ ᠨᠡᠶᠢᠳᠬᠡᠬᠦ ᠪᠠᠷ ᠴᠢᠷᠮᠠᠶᠢᠵᠤ᠂ ᠭᠠᠷ ᠤᠷᠠᠯᠠᠯ ᠭᠦᠷᠦᠮᠡᠯ ᠤᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠥᠷᠭᠡᠨ ᠢᠶᠠᠷ ᠤᠬᠠᠭᠤᠯᠬᠤ ᠪᠠᠷ ᠳᠠᠮᠵᠢᠭᠤᠯᠵᠤ᠂ ᠡᠮᠡᠭᠲᠡᠶᠢᠴᠦᠳ ᠤᠨ ᠭᠡᠷ ᠠᠴᠠ ᠪᠠᠨ ᠭᠠᠷᠬᠤ ᠦᠭᠡᠢ ᠪᠠᠷ ᠠᠵᠢᠯ ᠣᠯᠬᠤ ᠬᠦᠰᠡᠯ ᠵᠡᠭᠦᠳᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ᠂ ᠵᠣᠯ ᠵᠢᠷᠭᠠᠯᠲᠤ ᠭᠡᠷ ᠪᠦᠯᠢ ᠶᠢ ᠪᠠᠶᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号