ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ︽ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠲᠤᠰᠢᠶᠠᠬᠤ ᠮᠥᠩᠭᠦ ᠶᠢᠨ ᠬᠠᠮᠢᠶᠠᠷᠤᠯᠲᠠ ᠶᠢᠨ | ᠠᠵᠢᠯ ᠢ ᠵᠢᠷᠤᠮᠵᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠣᠶᠢᠷ᠎ᠠ ᠳᠤ | ᠳᠠᠷᠤᠮᠠᠯᠯᠠᠨ ᠲᠠᠷᠬᠠᠭᠠᠵᠤ᠂ 2025 ᠣᠨ ᠤ 3 ᠰᠠᠷ᠎ᠠ ᠶᠢᠨ 31 ᠤ ᠡᠳᠦᠷ ᠠᠴᠠ ᠡᠬᠢᠯᠡᠨ᠂ ᠪᠦᠭᠦ ᠤᠯᠤᠰ ᠤᠨ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ | ᠮᠥᠩᠭᠦ ᠬᠤᠷᠢᠶᠠᠬᠤ ᠶᠢ ᠬᠦᠴᠦᠨ ᠦᠭᠡᠢ ᠪᠤᠯᠭᠠᠵᠤ᠂ ᠡᠮᠨᠡᠯᠭᠡ ᠳᠤ ᠰᠠᠭᠤᠬᠤ ᠳᠤ ᠤᠷᠢᠳᠴᠢᠯᠠᠨ ᠲᠤᠰᠢᠶᠠᠬᠤ | ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠪᠠ᠃ | 20 ᠳ᠋ᠤᠭᠠᠷ ᠵᠠᠭᠤᠨ ᠤ ᠨᠠᠶᠠᠭᠠᠳ ᠣᠨ ᠳᠤ᠂ ᠤᠯᠤᠰ ᠠᠴᠠ ᠡᠮᠨᠡᠯᠭᠡ ᠳᠤ ᠰᠠᠭᠤᠬᠤ ᠳᠤ ᠤᠷᠢᠳᠴᠢᠯᠠᠨ | ᠲᠤᠰᠢᠶᠠᠬᠤ ᠮᠥᠩᠭᠦ ᠶᠢᠨ ᠳᠦᠷᠢᠮ ᠪᠠ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢᠨ ᠳᠦᠷᠢᠮ ᠢ | ᠵᠠᠯᠭᠠᠭ᠎ᠠ ᠪᠠᠷ ᠲᠣᠭᠲᠠᠭᠠᠪᠠ᠃ ᠣᠳᠣᠬᠠᠨ ᠳᠤ᠂ ᠮᠠᠨ ᠤ ᠤᠯᠤᠰ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ | ᠳᠦᠷᠢᠮ ᠠᠯᠭᠤᠷ ᠢᠶᠠᠷ ᠲᠡᠭᠦᠯᠳᠡᠷᠵᠢᠵᠦ᠂ ᠮᠡᠳᠡᠭᠡ ᠵᠠᠩᠭᠢ ᠶᠢᠨ ᠮᠡᠷᠭᠡᠵᠢᠯ ᠲᠠᠰᠤᠷᠠᠯᠳᠠ ᠦᠭᠡᠢ ᠬᠥᠭᠵᠢᠵᠦ᠂ | ᠤᠷᠢᠳᠴᠢᠯᠠᠨ ᠲᠤᠰᠢᠶᠠᠬᠤ ᠮᠥᠩᠭᠦ ᠶᠢᠨ ᠦᠢᠯᠡᠳᠦᠯ ᠠᠯᠭᠤᠷ ᠢᠶᠠᠷ ᠪᠠᠭᠤᠷᠠᠭᠰᠠᠨ ᠪᠠᠶᠢᠨ᠎ᠠ᠃ ︽ᠮᠡᠳᠡᠭᠳᠡᠯ︾ ᠳᠤ᠂ | 2025 ᠣᠨ ᠤ 3 ᠰᠠᠷ᠎ᠠ ᠶᠢᠨ 31 ᠤ ᠡᠳᠦᠷ ᠠᠴᠠ ᠡᠬᠢᠯᠡᠨ᠂ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ | ᠮᠥᠩᠭᠦ ᠬᠤᠷᠢᠶᠠᠬᠤ ᠶᠢ ᠪᠦᠭᠦ ᠲᠠᠯ᠎ᠠ ᠪᠠᠷ ᠵᠣᠭᠰᠣᠭᠠᠨ᠎ᠠ᠃ ᠡᠭᠦᠨ ᠤ ᠬᠠᠮᠲᠤ᠂ ᠡᠮᠨᠡᠯᠭᠡ ᠳᠤ ᠰᠠᠭᠤᠬᠤ ᠳᠤ | ᠤᠷᠢᠳᠴᠢᠯᠠᠨ ᠲᠤᠰᠢᠶᠠᠬᠤ ᠵᠣᠭᠤᠰᠤᠨ ᠤ ᠬᠡᠮᠵᠢᠶ᠎ᠡ ᠶᠢ ᠪᠠᠭᠤᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠳᠤ | ᠤᠷᠤᠯᠴᠠᠬᠰᠠᠨ ᠡᠪᠡᠳᠴᠢᠲᠡᠨ ᠤ ᠡᠮᠨᠡᠯᠭᠡ ᠳᠤ ᠰᠠᠭᠤᠬᠤ ᠳᠤ ᠤᠷᠢᠳᠴᠢᠯᠠᠨ ᠲᠤᠰᠢᠶᠠᠬᠤ ᠵᠣᠭᠤᠰ ᠤᠨ ᠲᠤᠭ᠎ᠠ ᠶᠢ | ᠠᠳᠠᠯᠢ ᠡᠪᠡᠳᠴᠢᠨ ᠤ ᠵᠦᠢᠯ ᠤᠨ ᠬᠤᠪᠢ ᠬᠥᠮᠥᠨ ᠤ ᠥᠪᠡᠰᠦᠪᠡᠨ ᠲᠥᠯᠥᠬᠦ ᠳᠤᠮᠳᠠᠴᠢ ᠬᠢᠷᠢ ᠲᠦᠪᠰᠢᠨ ᠳᠤ | ᠭᠦᠷᠲᠡᠯ᠎ᠡ ᠪᠠᠭᠤᠷᠠᠭᠤᠯᠵᠤ᠂ 2025 ᠣᠨ ᠤ 6 ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠮᠨᠡᠯᠭᠡ ᠳᠤ ᠰᠠᠭᠤᠬᠤ ᠵᠠᠷᠤᠳᠠᠯ ᠢ ᠳ᠋ᠦᠩᠨᠡᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠷᠴᠢᠮ | ᠳᠡᠭᠡᠷ᠎ᠡ ᠪᠠᠨ᠂ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠲᠡᠨ ᠡᠮᠨᠡᠯᠭᠡ ᠠᠴᠠ ᠭᠠᠷᠤᠭᠰᠠᠨ ᠤ ᠳᠠᠷᠠᠭᠠᠬᠢ 3 | ᠠᠵᠢᠯᠯᠠᠬᠤ ᠡᠳᠦᠷ ᠤᠨ ᠳᠣᠲᠣᠷ᠎ᠠ ᠡᠮᠨᠡᠯᠭᠡ ᠳᠤ ᠰᠠᠭᠤᠭᠰᠠᠨ ᠵᠠᠷᠤᠳᠠᠯ ᠢ ᠳ᠋ᠦᠩᠨᠡᠨ ᠪᠤᠳᠤᠵᠦ᠂ 24 ᠴᠠᠭ ᠤᠨ | ᠳᠣᠲᠣᠷ᠎ᠠ ᠳ᠋ᠦᠩᠨᠡᠨ ᠪᠤᠳᠤᠬᠤ ᠶᠢ ᠪᠡᠶᠡᠯᠡᠭᠦᠯᠬᠦ ᠬᠡᠷᠡᠭᠲᠡᠢ᠃ ︽ᠨᠢᠭᠡ ᠥᠷᠲᠡᠭᠡᠴᠢᠯᠡᠭᠰᠡᠨ ᠮᠠᠶ᠋ᠢᠭ ᠢᠶᠠᠷ ᠳ᠋ᠦᠩᠨᠡᠨ | ᠪᠤᠳᠤᠬᠤ︾᠂ ︽ᠡᠪᠡᠳᠴᠢᠲᠡᠨ ᠤ ᠣᠷᠣ ᠶᠢᠨ ᠬᠠᠵᠠᠭᠤ ᠳᠤ ᠳ᠋ᠦᠩᠨᠡᠨ ᠪᠤᠳᠤᠬᠤ︾᠂ ︽ᠰᠦᠯᠵᠢᠶᠡᠨ ᠳᠡᠭᠡᠷ᠎ᠡ ᠳ᠋ᠦᠩᠨᠡᠨ | ᠪᠤᠳᠤᠬᠤ︾ ᠵᠡᠷᠭᠡ ᠠᠷᠠᠳ ᠲᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ | ᠲᠥᠷᠥ ᠶᠢᠨ ᠪᠣᠳᠣᠯᠭ᠎ᠠ ᠳᠤ ᠲᠣᠳᠣᠷᠬᠠᠢ ᠲᠣᠭᠲᠠᠭᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ︽ᠤᠷᠢᠳᠠᠪᠠᠷ ᠣᠨᠣᠰᠢᠯᠠᠨ ᠡᠮᠨᠡᠵᠦ ᠳᠠᠷᠠᠭ᠎ᠠ ᠨᠢ ᠰᠦᠢᠳᠬᠡᠯ ᠲᠤᠰᠢᠶᠠᠬᠤ︾ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠦᠨ᠎ᠡ᠃ ᠡᠭᠦᠨ ᠤ ᠬᠠᠮᠲᠤ ᠡᠮᠴᠢᠯᠡᠭᠡᠨ ᠤ ᠪᠠᠶᠢᠭᠤᠯᠤᠮᠵᠢ ᠶᠢᠨ ᠬᠤᠪᠢ ᠬᠥᠮᠥᠨ ᠤ ᠢᠲᠡᠭᠡᠮᠵᠢ ᠶᠢᠨ | ᠰᠢᠰᠲ᠋ᠧᠮ ᠳᠤ ᠲᠦᠰᠢᠭᠯᠡᠨ᠂ ᠢᠲᠡᠭᠡᠮᠵᠢᠲᠡᠢ ᠪᠠᠷ ᠡᠪᠡᠳᠴᠢᠨ ᠦᠵᠡᠭᠦᠯᠭᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ | ᠮᠡᠳᠡᠭᠳᠡᠯ ᠢ ᠡᠯ᠎ᠡ ᠱᠠᠲᠤᠨ ᠤ ᠡᠯ᠎ᠡ ᠲᠥᠷᠥᠯ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ᠂ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠴᠡᠷᠢᠭ | ᠠᠩᠭᠢ ᠶᠢᠨ ᠭᠤᠣᠯᠯᠠᠨ ᠡᠷᠭᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠵᠢᠭᠦᠯᠵᠦ᠂ | ᠠᠯᠪᠠᠨ ᠤ ᠪᠤᠰᠤ ᠡᠮᠴᠢᠯᠡᠭᠡᠨ ᠤ ᠪᠠᠶᠢᠭᠤᠯᠤᠮᠵᠢ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃ | | |