ᠮᠠᠨ ᠤ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/3/31
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠣᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠥᠭᠡᠷᠡᠴᠢᠯᠡᠯᠲᠡ ᠶᠢ ᠠᠬᠢᠭᠤᠯᠤᠨ᠂ ᠵᠠᠰᠠᠮᠠᠯ ᠵᠠᠮ  ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ  ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠳᠡᠭᠡᠭᠰᠢᠯᠡᠭᠦᠯᠭᠦ ᠪᠠᠷ ᠪᠤᠢ᠃      ︽ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠪᠡᠯ᠂ ᠮᠠᠨ ᠤ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ᠂ ᠬᠢᠯᠢ ᠶᠢᠨ ᠬᠤᠰᠢᠭᠤ ᠰᠢᠶᠠᠨ ᠤ ᠨᠥᠬᠦᠪᠦᠷᠢ ᠶᠢᠨ ᠪᠠᠷᠢᠮᠵᠢᠶ᠎ᠠ ᠶᠢ 10% ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠳᠠᠷᠤᠯᠲᠠ ᠶᠢ ᠤᠯᠠᠮ ᠨᠢᠭᠡ ᠠᠯᠬᠤᠮ ᠭᠦᠩᠭᠡᠷᠡᠭᠦᠯᠤᠨ᠎ᠠ᠃ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠵᠦ᠂ ᠪᠡᠯᠡ ᠮᠥᠩᠭᠦ ᠶᠢᠨ ᠬᠡᠪᠴᠢᠶ᠎ᠡ ᠶᠢ ᠵᠠᠰᠠᠮᠠᠯ ᠵᠠᠮ ᠤᠨ ᠣᠷᠳᠣ ᠲᠠᠢ ᠲᠣᠭᠢᠷᠠᠯᠴᠠᠭᠤᠯᠤᠨ᠎ᠠ᠃ ᠠᠷᠠᠴᠢᠯᠠᠨ ᠬᠠᠮᠠᠭᠠᠯᠠᠬᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠣᠯᠣᠨ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠶᠢ ᠵᠠᠰᠠᠭᠰᠠᠨ ᠦᠷ᠎ᠡ ᠪᠦᠲᠦᠮᠵᠢ ᠶᠢ ᠪᠡᠯᠡ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠶᠢ ᠵᠠᠰᠠᠵᠤ ᠬᠢᠨᠠᠨ ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠬᠤ ᠪᠣᠯᠣᠨ᠎ᠠ᠃      ︽ᠬᠠᠮᠢᠶᠠᠷᠤᠯᠲᠠ ᠶᠢᠨ ᠠᠷᠭ᠎ᠠ︾ ᠳᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠵᠠᠷᠤᠯᠭ᠎ᠠ  ᠶᠢᠨ ᠬᠡᠪᠴᠢᠶ᠎ᠡ᠂ ᠬᠤᠪᠢᠶᠠᠷᠢᠯᠠᠬᠤ ᠠᠷᠭ᠎ᠠ᠂ ᠪᠡᠯᠡ ᠮᠥᠩᠭᠦ ᠶᠢ ᠬᠢᠨᠠᠨ ᠬᠠᠷᠭᠤᠭᠤᠯᠵᠤ ᠪᠠᠭᠤᠯᠭᠠᠬᠤ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠲᠤᠬᠠᠢ ᠲᠣᠭᠲᠠᠭᠠᠯ ᠭᠠᠷᠭᠠᠵᠤ᠂ ᠪᠦᠭᠦ ᠣᠷᠣᠨ  ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠤᠨ᠎ᠠ᠃ ︽ᠪᠠᠶᠢᠭᠤᠯᠵᠤ ᠠᠷᠠᠴᠢᠯᠠᠬᠤ ᠶᠢ ᠵᠡᠷᠭᠡ ᠪᠠᠷ ᠴᠢᠬᠤᠯᠠᠴᠢᠯᠠᠬᠤ︾ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠪᠤᠶ ᠪᠤᠯᠭᠠᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠂ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠪᠡᠯᠡ ᠮᠥᠩᠭᠦ ᠶᠢ ᠠᠷᠪᠢᠯᠠᠨ ᠭᠠᠮᠨᠠᠵᠤ᠂ ᠪᠡᠯᠡ ᠮᠥᠩᠭᠦ ᠶᠢᠨ ᠬᠡᠷᠡᠭᠯᠡᠯᠲᠡ  ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号