ᠮᠠᠨ ᠤ ᠣᠷᠣᠨ ︽ᠠᠷᠪᠠᠨ ᠲᠣᠮᠣ ᠠᠵᠤ ᠦᠢᠯᠡᠰ ᠤᠨ ᠪᠦᠯᠦᠭᠵᠢᠯ︾ ᠢ ᠬᠦᠴᠦᠯᠡᠨ ᠬᠥᠭᠵᠢᠭᠦᠯᠵᠦ ᠪᠤᠢ
ᠨᠡᠶᠢᠲᠡᠯᠡᠭᠰᠡᠨ ᠴᠠᠭ᠄
2025/3/5
     ᠡᠨᠡ ᠵᠢᠯ ᠮᠠᠨ ᠤ ᠣᠷᠣᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠨ ᠲᠣᠬᠢᠷᠠᠭᠤᠯᠤᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠢᠷᠡᠭᠡᠳᠦᠢ   ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠲᠠᠭᠢᠨ ᠰᠢᠨ᠎ᠡ ᠳᠡᠭᠲᠡᠷ ᠲᠤ ᠭᠠᠷᠭᠠᠬᠤ ᠪᠠᠷ  ᠬᠦᠴᠦᠯᠡᠵᠦ ᠪᠤᠢ᠃      ᠡᠨᠡ ᠵᠢᠯ᠂ ᠮᠠᠨ ᠤ ᠣᠷᠣᠨ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ ᠲᠣᠬᠢᠷᠠᠭᠤᠯᠵᠤ᠂ ᠪᠦᠭᠦ ᠤᠯᠤᠰ ᠤᠨ ᠡᠮᠦᠨ᠎ᠡ ᠡᠩᠨᠡᠭᠡᠨ ᠳᠤ  ᠬᠤᠰᠢᠭᠤᠷᠠᠵᠤ ᠪᠠᠶᠢᠭ᠎ᠠ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠬᠤ ᠶᠢ ᠬᠦᠴᠦᠯᠡᠨ ᠠᠬᠢᠭᠤᠯᠵᠤ᠂ ᠢᠯᠢ᠂ ᠮᠧᠩ ᠨᠢᠦ ᠵᠡᠷᠭᠡ ᠬᠤᠶᠠᠷ ᠲᠣᠮᠣ ᠰᠦ ᠶᠢᠨ ᠠᠵᠤ ᠠᠬᠤᠶᠢᠯᠠᠯ ᠤᠨ ᠳᠡᠯᠡᠬᠡᠶᠢᠴᠢᠯᠡᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢ ᠭᠤᠣᠯᠳᠠᠯᠭ᠎ᠠ ᠲᠠᠢ ᠳᠡᠮᠵᠢᠵᠦ᠂ ᠪᠢᠰᠢᠯᠠᠭ᠂ ᠰᠢᠷᠠᠰᠤ᠂ ᠰᠦᠨ ᠲᠡᠮᠦᠷ ᠤᠨ ᠤᠭᠤᠷᠠᠭ ᠵᠡᠷᠭᠡ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠭᠡᠯᠪᠡᠷᠢ  ᠶᠢᠨ ᠨᠡᠶᠢᠯᠡᠮᠡᠯ ᠮᠠᠲ᠋ᠧᠷᠢᠶᠠᠯ᠂ ᠲᠡᠷᠢᠭᠦᠨ ᠤ ᠨᠡᠭᠦᠷᠡᠰᠦᠲᠥ᠋ᠷᠥᠭᠴᠢ ᠮᠠᠲ᠋ᠧᠷᠢᠶᠠᠯ᠂ ᠵᠠᠳᠠᠷᠠᠭᠤᠯᠵᠤ ᠪᠤᠯᠬᠤ  ᠮᠠᠲ᠋ᠧᠷᠢᠶᠠᠯ ᠵᠡᠷᠭᠡ ᠳᠡᠭᠡᠳᠦ ᠲᠠᠰ ᠤᠨ ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠵᠦ᠂ ᠣᠷᠳᠣᠰ ᠤᠨ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ   ᠶᠢᠨ ᠵᠢᠱᠢᠶ᠎ᠡ ᠦᠵᠡᠭᠦᠯᠭᠦ ᠲᠣᠭᠤᠷᠢᠭ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ᠂ ᠪᠦᠭᠦ ᠤᠯᠤᠰ ᠲᠤ ᠦᠢᠯᠡᠴᠢᠯᠡᠬᠦ ᠪᠣᠬᠢᠷᠳᠤᠯ ᠦᠭᠡᠢ ᠪᠣᠳᠣᠯᠭ᠎ᠠ ᠶᠢᠨ ᠪᠠᠲᠤᠯᠠᠭ᠎ᠠ   ᠶᠢᠨ ᠰᠠᠭᠤᠷᠢᠨ᠂ ᠲᠤᠭ᠎ᠠ ᠪᠠᠷᠢᠮᠲᠠ ᠪᠤᠯᠪᠠᠰᠤᠷᠠᠭᠤᠯᠬᠤ ᠰᠠᠭᠤᠷᠢᠨ᠂ ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠢ ᠪᠠᠶᠢᠭᠤᠯᠬᠤ   ᠶᠢᠨ ᠬᠠᠮᠲᠤ᠂ ᠰᠢᠨ᠎ᠡ ᠡᠨᠧᠷᠭᠢ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ  ᠵᠡᠷᠭᠡ  ᠳᠠᠪᠠᠭᠤᠯᠢᠭ   ᠣᠨᠴᠠᠯᠢᠭᠲᠤ  ᠠᠵᠤ ᠦᠢᠯᠡᠰ ᠤᠨ ᠲᠠᠯ᠎ᠠ ᠪᠠᠷ ᠰᠢᠨ᠎ᠡ ᠨᠡᠮᠡᠭᠳᠡᠯ ᠢ ᠪᠦᠷᠢᠯᠳᠦᠭᠦᠯᠵᠦ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠦᠢᠯᠡᠳᠬᠡᠯ᠂ ᠰᠢᠨ᠎ᠡ ᠭᠡᠯᠪᠡᠷᠢ   ᠶᠢᠨ ᠬᠠᠶᠢᠯᠤᠰᠢ ᠶᠢᠨ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠠᠯ᠎ᠠ ᠪᠠᠷ ᠰᠢᠨ᠎ᠡ ᠬᠥᠭᠵᠢᠯᠲᠡ ᠶᠢᠨ ᠵᠠᠮ ᠢ ᠨᠡᠭᠡᠭᠡᠬᠦ ᠬᠠᠷᠠᠯᠲᠠ ᠲᠣᠭᠲᠠᠭᠠᠪᠠ᠃      ︽10 ᠲᠣᠮᠣ ᠠᠵᠤ ᠦᠢᠯᠡᠰ ᠤᠨ ᠪᠦᠯᠦᠭᠵᠢᠯ᠂ 21 ᠠᠵᠤ ᠦᠢᠯᠡᠰ ᠤᠨ ᠬᠡᠯᠬᠢᠶ᠎ᠡ ᠶᠢ ᠪᠤᠶ ᠪᠤᠯᠭᠠᠬᠤ ᠪᠠᠷ ᠳᠠᠮᠵᠢᠭᠤᠯᠤᠨ᠂ ᠲᠥᠪᠯᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ᠂ ᠴᠢᠳᠠᠪᠤᠷᠢᠲᠠᠨ᠂ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠬᠦᠷᠢᠶᠡᠯᠡᠩ ᠲᠣᠭᠤᠷᠢᠭ ᠤᠨ ᠳᠠᠭᠠᠭᠠᠴᠠ᠂ ᠠᠭᠤᠷᠬᠠᠢ ᠶᠢᠨ ᠡᠬᠢ ᠪᠠᠶᠠᠯᠢᠭ ᠵᠡᠷᠭᠡ ᠬᠦᠴᠦᠨ ᠵᠦᠢᠯ ᠤᠨ ᠲᠠᠯ᠎ᠠ ᠪᠠᠷ ᠲᠤᠯᠭᠠᠭᠤᠷᠢᠯᠠᠨ ᠪᠠᠲᠤᠯᠠᠬᠤ ᠶᠢ ᠴᠢᠩᠭᠠᠷᠠᠭᠤᠯᠵᠤ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ ᠪᠠᠷ ᠪᠤᠢ︾ ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠦᠢᠯᠡᠰ ᠤᠨ ᠬᠥᠭᠵᠢᠯᠲᠡ ᠶᠢᠨ ᠭᠠᠵᠠᠷ ᠤᠨ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号