3 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠬᠤᠯᠪᠣᠭᠳᠠᠯ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠬᠠᠳᠠ ᠬᠤᠷᠠᠯ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠨᠡᠨ︾ | ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠭᠦᠯᠬᠦ︾ ᠴᠢᠬᠤᠯᠠ ᠵᠣᠬᠢᠶᠠᠯ᠂ 2 ᠰᠠᠷ᠎ᠠ ᠶᠢᠨ 28 ᠤ ᠡᠳᠦᠷ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ᠂ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ | ᠬᠢᠬᠦ ᠦᠶ᠎ᠡ ᠳᠤ ᠭᠠᠷᠭᠠᠭᠰᠠᠨ ᠴᠢᠬᠤᠯᠠ ᠱᠠᠭᠠᠷᠳᠠᠯᠭ᠎ᠠ ᠶᠢ ᠬᠢᠨᠠᠨ ᠦᠵᠡᠵᠦ᠂ ᠦᠴᠦᠸᠠᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠲᠠᠨᠢᠵᠤ᠂ ︽ᠬᠤᠶᠠᠷ ᠥᠴᠥᠬᠡᠨ ᠴᠦ ᠭᠤᠶᠢᠪᠢᠰᠢ | ᠦᠭᠡᠢ︾ ︽ᠭᠤᠷᠪᠠ ᠶᠢ ᠬᠤᠪᠢᠷᠠᠭᠤᠯᠬᠤ ᠦᠭᠡᠢ︾ ᠪᠠᠶᠢᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠵᠦ᠂ ᠬᠤᠳᠠᠯᠳᠤᠭᠠᠴᠢᠨ ᠢ ᠳᠣᠲᠣᠨᠣᠴᠢᠯᠠᠬᠤ᠂ | ᠬᠤᠳᠠᠯᠳᠤᠭᠠᠴᠢᠨ ᠢ ᠬᠦᠨᠳᠦᠳᠬᠡᠬᠦ᠂ ᠬᠤᠳᠠᠯᠳᠤᠭᠠᠴᠢᠨ ᠢ ᠬᠠᠮᠠᠭᠠᠯᠠᠬᠤ᠂ ᠬᠤᠳᠠᠯᠳᠤᠭᠠᠴᠢᠨ ᠢ ᠪᠠᠶᠠᠵᠢᠭᠤᠯᠬᠤ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠦᠨᠡᠨᠬᠦ | ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠳᠠᠯᠳᠤᠭ᠎ᠠ ᠡᠷᠬᠢᠯᠡᠬᠦ | ︽ᠵᠥᠭᠡᠯᠡᠨ︾ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠴᠦᠸᠠᠨ ᠤ ᠬᠥᠭᠵᠢᠯᠲᠡ ᠶᠢᠨ ︽ᠬᠠᠲᠠᠭᠤ︾ ᠪᠣᠳᠠᠲᠤ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ᠂ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠴᠢᠩᠭ᠎ᠠ ᠬᠦᠭ | ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠳᠤᠮᠳᠠ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ | ᠲᠥᠷᠥ ᠶᠢᠨ ᠲᠣᠪᠴᠢᠶᠠᠨ ᠤ ᠭᠡᠰᠢᠭᠦᠳ ᠤᠨ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠬᠤᠶᠠᠷ ᠢ | ᠲᠣᠭᠲᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ | ᠪᠠᠲᠤᠲᠠᠢ ᠠᠬᠢᠭᠤᠯᠵᠤ᠂ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ | ᠬᠡᠷᠡᠭᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ | ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ | ᠪᠣᠯᠪᠠᠰᠤᠷᠠᠯ ᠢ ᠴᠢᠩᠭᠠᠳᠬᠠᠵᠤ᠂ ᠪᠣᠳᠠᠲᠠᠢ ᠠᠵᠢᠯ ᠤᠨ ᠳᠤᠮᠳᠠ ᠺᠠᠳ᠋ᠷ ᠤᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠠᠵᠢᠯ ᠢ ᠵᠢᠯᠤᠭᠤᠳᠬᠤ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠨᠡᠨᠬᠦ ᠰᠠᠶᠢᠲᠤᠷ ᠠᠳᠬᠤᠵᠤ᠂ ᠤᠳᠤᠷᠢᠳᠬᠤ | ᠪᠠᠭ ᠤᠨ ᠭᠡᠰᠢᠭᠦᠨ ᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ | ᠪᠠᠶᠢᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠬᠦᠴᠦᠯᠡᠨ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ | ᠬᠥᠩᠭᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠴᠢᠬᠤᠯᠠᠴᠢᠯᠠᠬᠤ | ᠬᠥᠮᠥᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠵᠥᠪ ᠣᠨᠣᠪᠴᠢᠲᠠᠢ ᠬᠥᠮᠥᠨ ᠬᠡᠷᠡᠭᠯᠡᠬᠦ ᠤᠳᠤᠷᠢᠳᠤᠮᠵᠢ ᠪᠠᠷ | ᠠᠵᠢᠯ ᠬᠢᠵᠦ ᠦᠢᠯᠡᠰ ᠪᠣᠰᠬᠠᠬᠤ ᠤᠳᠤᠷᠢᠳᠤᠮᠵᠢ ᠶᠢ ᠬᠥᠲᠥᠯᠥᠨ ᠳᠠᠭᠠᠭᠤᠯᠵᠤ᠂ ᠪᠠᠴᠢᠮ ᠬᠦᠴᠢᠷ ᠠᠶᠤᠯᠲᠠᠢ ᠬᠦᠨᠳᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠ ᠺᠠᠳ᠋ᠷ ᠢ ᠳᠠᠪᠲᠠᠨ ᠪᠣᠯᠪᠠᠰᠤᠷᠠᠭᠤᠯᠵᠤ᠂ ᠰᠢᠯᠭᠠᠨ ᠪᠠᠶᠢᠴᠠᠭᠠᠵᠤ᠂ | ᠢᠯᠭᠠᠨ ᠲᠠᠨᠢᠵᠤ᠂ ᠺᠠᠳ᠋ᠷ ᠢ ᠴᠢᠬᠤᠯᠠᠴᠢᠯᠠᠵᠤ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠠᠵᠢᠯ ᠶᠠᠪᠤᠳᠠᠯ | ᠪᠦᠲᠦᠭᠡᠵᠦ ᠳᠡᠶᠢᠯᠬᠦ ᠰᠠᠶᠢᠨ ᠺᠠᠳ᠋ᠷ ᠢ ᠦᠨᠡᠨᠬᠦ ᠰᠣᠩᠭᠤᠨ ᠬᠡᠷᠡᠭᠯᠡᠬᠦ ᠬᠡᠷᠡᠭᠲᠡᠢ᠃ ᠨᠠᠮ ᠤᠨ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠵᠡᠯ ᠤᠬᠠᠮᠰᠠᠷ ᠤᠨ | ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠭᠤᠴᠢᠯᠠᠭᠤᠷ᠂ ᠢᠨᠲ᠋ᠧᠷ ᠰᠦᠯᠵᠢᠶ᠎ᠡ ᠵᠡᠷᠭᠡ ᠤᠬᠠᠭᠤᠯᠭ᠎ᠠ ᠶᠢᠨ | ᠵᠢᠭᠰᠠᠭᠠᠯ ᠤᠨ ᠭᠠᠵᠠᠷ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠪᠦᠬᠦ ᠰᠢᠶᠠᠨ ᠤ ᠭᠤᠣᠯ ᠠᠵᠢᠯ ᠤᠨ | ᠲᠣᠭᠤᠷᠢᠨ ᠳᠤ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠲᠥᠪᠯᠡᠷᠡᠯ ᠤᠨ ᠴᠡᠭ ᠲᠤ ᠠᠩᠬᠠᠷᠤᠯ ᠢᠶᠠᠨ | ᠲᠥᠪᠯᠡᠷᠡᠭᠦᠯᠵᠦ᠂ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ︽ᠤᠮᠠᠷᠠᠲᠤ ᠬᠢᠯᠢ ᠶᠢᠨ | ᠰᠣᠶᠣᠯ︾ ᠤᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠦᠴᠦᠸᠠᠨ ᠤ | ᠭᠦᠨ ᠵᠤᠵᠠᠭᠠᠨ ᠰᠣᠶᠣᠯ ᠤᠨ ᠠᠭᠤᠯᠬᠤᠨ ᠢ ᠭᠦᠢᠴᠡᠳ ᠠᠭᠤᠳᠠᠯᠵᠤ᠂ ᠰᠣᠶᠣᠯ ᠵᠢᠭᠤᠯᠴᠢᠯᠠᠯ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ | ᠪᠤᠵᠠᠭᠠᠶᠢᠷᠠᠭᠤᠯᠵᠤ᠂ ᠦᠴᠦᠸᠠᠨ ᠤ ᠣᠨᠴᠠᠯᠢᠭᠲᠤ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠬᠦ | ᠬᠡᠷᠡᠭᠲᠡᠢ ᠭᠡᠵᠡᠢ ᠭᠡᠵᠦ ᠴᠢᠬᠤᠯᠠᠴᠢᠯᠠᠪᠠ᠃ | ᠬᠤᠷᠠᠯ ᠠᠴᠠ 2025 ᠣᠨ ᠤ ᠨᠢᠭᠡᠳᠦᠭᠡᠷ ᠤᠯᠠᠷᠢᠯ ᠳᠤ ᠲᠥᠪ ᠬᠤᠷᠢᠶᠠᠨ ᠤ ᠳᠠᠪᠬᠤᠷᠭ᠎ᠠ᠂ ᠥᠪᠡᠷᠲᠡᠭᠡᠨ | ᠵᠠᠰᠠᠬᠤ ᠣᠷᠣᠨ ᠬᠢᠭᠡᠳ ᠬᠤᠲᠠ ᠶᠢᠨ ᠱᠠᠲᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠠᠵᠢᠯ ᠤᠨ ᠰᠤᠷᠲᠠᠯ ᠢᠶᠠᠨ ᠬᠦᠴᠦᠯᠡᠨ | ᠰᠠᠶᠢᠵᠢᠷᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ︽ᠬᠥᠯᠦᠰᠢ ᠮᠠᠭᠤ ᠠᠴᠢᠶ᠎ᠠ ᠬᠦᠨᠳᠦ︾ | ︽ᠬᠤᠷᠤᠭᠤᠨ ᠦᠵᠦᠭᠦᠷ ᠤᠨ ᠬᠡᠯᠪᠡᠷᠢᠴᠢ ᠦᠵᠡᠯ︾ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠰᠢᠶᠠᠩ | ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ | ᠵᠣᠬᠢᠶᠠᠬᠤ ᠠᠵᠢᠯ ᠢ ᠭᠦᠨᠵᠡᠭᠡᠢ ᠠᠬᠢᠭᠤᠯᠬᠤ ᠲᠠᠢ ᠤᠶᠠᠯᠳᠤᠭᠤᠯᠤᠨ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠨᠳᠦᠰᠦᠨ ᠱᠠᠲᠤᠨ ᠤ ᠺᠠᠳ᠋ᠷ ᠢ ᠨᠡᠩ ᠤᠯᠠᠨ ᠴᠠᠭ ᠪᠠ ᠤᠶᠤᠨ | ᠴᠢᠳᠠᠯ ᠢᠶᠠᠨ ᠨᠠᠶᠢᠳᠠᠪᠤᠷᠢᠵᠢᠭᠤᠯᠬᠤ ᠶᠢ ᠠᠳᠬᠤᠵᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠦᠴᠦᠸᠠᠨ ᠤ ᠬᠠᠮ ᠵᠠᠭᠤᠴᠢᠯᠠᠭᠤᠷ ᠤᠨ ᠵᠤᠤ ᠯᠢᠩ | ᠾᠦᠢ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |