ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ 5 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠵᠦ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠡᠭᠢᠯᠡᠯᠲᠡ ᠶᠢᠨ ᠬᠤᠷᠠᠯ ᠳᠤ | ᠣᠷᠣᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠳᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ | ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ | ᠲᠠᠯ᠎ᠠ ᠪᠠᠷ ᠥᠷᠭᠡᠳᠬᠡᠨ᠎ᠡ᠃ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠨᠡᠩ ᠰᠠᠶᠢᠨ ᠤᠶᠠᠯᠳᠤᠯ ᠢ ᠠᠬᠢᠭᠤᠯᠵᠤ᠂ | ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠵᠦ᠂ ᠳᠣᠲᠣᠭᠠᠳᠤ | ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ | ᠲᠣᠭᠲᠠᠪᠤᠷᠢᠵᠢᠭᠤᠯᠤᠭᠴᠢ ᠪᠣᠯᠭᠠᠨ᠎ᠠ ᠭᠡᠵᠦ ᠳᠤᠷᠠᠳᠪᠠ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ᠄ | ·ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠬᠦ᠂ ᠬᠡᠷᠡᠭᠯᠡᠭᠡᠨ ᠤ | ᠣᠷᠴᠢᠨ ᠨᠥᠬᠦᠴᠡᠯ ᠢ ᠰᠠᠶᠢᠵᠢᠷᠠᠭᠤᠯᠬᠤ ᠲᠤᠰᠬᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠶᠠᠩᠵᠤᠴᠢᠯᠠᠭᠰᠠᠨ᠂ | ᠵᠦᠷᠢᠶᠡᠴᠢᠯᠡᠭᠰᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ·ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ | ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ | ᠬᠥᠳᠡᠯᠮᠦᠷᠢᠴᠢᠳ ᠤᠨ ᠴᠠᠯᠢᠩ ᠤᠨ ᠬᠡᠪ ᠤᠨ ᠥᠰᠦᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ·ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ 3000 ᠳ᠋ᠦᠩᠰᠢᠭᠤᠷ ᠲᠥᠭᠦᠷᠢᠭ | ᠲᠣᠬᠢᠷᠠᠭᠤᠯᠤᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠡᠮᠵᠢᠨ᠎ᠡ᠃ | ·ᠵᠥᠪᠰᠢᠶᠡᠷᠡᠨ ᠣᠷᠣᠭᠤᠯᠬᠤ ᠶᠢ ᠠᠭᠤᠵᠢᠭᠤ ᠲᠠᠯᠪᠢᠬᠤ᠂ ᠬᠢᠵᠠᠭᠠᠷᠯᠠᠯ ᠢ ᠪᠠᠭᠠᠰᠬᠠᠬᠤ᠂ ᠬᠢᠨᠠᠯᠲᠠ | ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ | ᠬᠡᠦᠬᠡᠳ ᠤᠨ ᠴᠡᠴᠡᠷᠯᠢᠭ᠂ ᠭᠡᠷ ᠠᠬᠤᠢ ᠵᠡᠷᠭᠡ ᠣᠯᠠᠨ ᠡᠰᠢᠵᠢᠭᠰᠡᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ | | ·ᠬᠡᠷᠡᠭᠯᠡᠭᠡ ᠶᠢᠨ ᠠᠬᠤᠢ ᠪᠠᠶᠢᠳᠠᠯ ᠢ ᠰᠢᠨᠡᠴᠢᠯᠡᠨ ᠪᠠᠶᠠᠯᠢᠭᠵᠢᠭᠤᠯᠵᠤ᠂ ᠲᠣᠭᠠᠴᠢᠯᠠᠭᠰᠠᠨ᠂ ᠪᠣᠬᠢᠷᠳᠤᠯ ᠦᠭᠡᠢ᠂ | ᠣᠶᠤᠨᠴᠢ ᠵᠡᠷᠭᠡ ᠰᠢᠨ᠎ᠡ ᠭᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠲᠦᠷᠭᠡᠳᠬᠡᠨ᠎ᠡ᠃ | ·ᠠᠮᠠᠷᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ | ᠲᠠᠮᠢᠷ ᠵᠡᠷᠭᠡ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ | ·ᠭᠠᠶᠢᠯᠢ ᠬᠡᠯᠲᠦᠷᠢᠭᠦᠯᠬᠦ ᠳᠡᠯᠭᠡᠭᠦᠷ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠢᠯᠢ ᠳᠤ ᠣᠷᠣᠬᠤ | ᠬᠡᠷᠡᠭᠯᠡᠭᠡ ᠶᠢ ᠥᠷᠭᠡᠳᠬᠡᠬᠦ ᠶᠢ ᠠᠬᠢᠭᠤᠯᠤᠨ᠎ᠠ᠃ | ·ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠢ ᠪᠦᠷᠢᠨᠰᠢᠭᠦᠯᠦᠨ᠎ᠡ᠃ | ·ᠪᠦᠭᠦ ᠰᠢᠰᠲ᠋ᠧᠮ ᠤᠨ ᠬᠡᠷᠡᠭᠯᠡᠭᠡ ᠶᠢᠨ ᠪᠦᠷᠢᠳᠬᠡᠯ ᠤᠨ ᠳᠦᠷᠢᠮ ᠢ ᠲᠡᠭᠦᠯᠳᠡᠷᠵᠢᠭᠦᠯᠦᠨ᠎ᠡ᠃ | ·ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤᠷ ᠲᠦᠪᠰᠢᠨ ᠢᠲᠡᠭᠡᠮᠵᠢᠲᠡᠢ | ᠬᠡᠷᠡᠭᠯᠡᠭᠡᠨ ᠤ ᠣᠷᠴᠢᠨ ᠲᠣᠭᠤᠷᠢᠨ ᠢ ᠪᠤᠶ ᠪᠣᠯᠭᠠᠨ᠎ᠠ᠃ | | |