ᠭᠦᠭᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠠᠴᠠ ᠭᠤᠣᠯᠯᠠᠨ ᠡᠷᠭᠢᠯᠡᠵᠦ᠂ ᠭᠦᠭᠡᠬᠤᠲᠠ ᠶᠢᠨ | ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠵᠡᠷᠭᠡ ᠨᠢᠭᠡᠴᠢ ᠠᠴᠠ ᠳᠠᠭᠠᠭᠠᠴᠢᠯᠠᠨ ᠡᠷᠭᠢᠯᠡᠭᠰᠡᠨ ︽ᠭᠤᠷᠪᠠᠨ ᠵᠢᠯ ᠤᠨ ᠳᠣᠲᠣᠷ᠎ᠠ | ᠠᠷᠪᠠᠨ ᠲᠠᠪᠤᠨ ᠲᠦᠮᠡᠨ ᠵᠠᠯᠠᠭᠤᠴᠤᠳ ᠢ ᠭᠦᠭᠡᠬᠤᠲᠠ ᠳᠤ ᠦᠯᠡᠳᠡᠭᠡᠬᠦ ᠳᠤ ᠬᠦᠴᠦᠨ ᠨᠡᠮᠡᠷᠢᠯᠡᠬᠦ·ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭ᠎ᠠ︾ ᠶᠢᠨ ᠲᠤᠰᠬᠠᠢ ᠤᠷᠢᠨ ᠡᠯᠰᠡᠬᠦ ᠴᠤᠭᠯᠠᠭᠠᠨ ᠣᠶᠢᠷ᠎ᠠ ᠳᠤ | ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ ᠳᠤ ᠶᠠᠪᠤᠭᠳᠠᠪᠠ᠃ | ᠲᠣᠰ ᠤᠳᠠᠭ᠎ᠠ ᠶᠢᠨ ᠤᠷᠢᠨ ᠡᠯᠰᠡᠬᠦ ᠴᠤᠭᠯᠠᠭᠠᠨ ᠨᠢ 165 ᠠᠵᠤ ᠠᠬᠤᠶᠢᠯᠠᠯ ᠢ ᠵᠣᠬᠢᠶᠠᠨ ᠪᠠᠶᠢᠭᠤᠯᠤᠨ | 4400 ᠭᠠᠷᠤᠢ ᠠᠵᠢᠯ ᠤᠨ ᠪᠠᠶᠢᠷᠢ ᠬᠠᠩᠭᠠᠪᠠ᠃ ᠡᠭᠦᠨ ᠳᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ | ᠠᠵᠤ ᠠᠬᠤᠶᠢᠯᠠᠯ 40 ᠰᠢᠬᠠᠮ ᠪᠠᠶᠢᠵᠤ᠂ 1000 ᠰᠢᠬᠠᠮ ᠠᠵᠢᠯ ᠤᠨ ᠪᠠᠶᠢᠷᠢ ᠬᠠᠩᠭᠠᠵᠤ᠂ 1800 ᠭᠠᠷᠤᠢ ᠠᠵᠢᠯ | ᠡᠷᠢᠭᠰᠡᠳ ᠲᠤᠬᠠᠢ ᠶᠢᠨ ᠲᠠᠯᠠᠪᠠᠢ ᠶᠢᠨ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠣᠪᠴᠢ ᠨᠠᠮᠲᠠᠷ ᠳᠠᠷᠤᠮᠠᠯᠯᠠᠬᠤ ᠵᠡᠷᠭᠡ ᠨᠢᠭᠡ ᠥᠷᠲᠡᠭᠡᠴᠢᠯᠡᠭᠰᠡᠨ | ᠮᠠᠶ᠋ᠢᠭ ᠤᠨ ᠦᠢᠯᠡᠴᠢᠯᠡᠭᠡ ᠲᠣᠬᠢᠷᠠᠭᠤᠯᠵᠤ᠂ ᠴᠠᠭ ᠲᠤᠬᠠᠢ ᠳᠤᠨᠢ ᠨᠢᠭᠤᠷᠲᠠᠨ ᠰᠢᠯᠭᠠᠬᠤ ᠲᠤᠰᠬᠠᠢ ᠪᠤᠯᠤᠩ ᠭᠠᠷᠭᠠᠵᠤ᠂ | ᠠᠵᠢᠯ ᠡᠷᠢᠭᠰᠡᠳ ᠬᠥᠮᠥᠨ ᠬᠡᠷᠡᠭᠯᠡᠬᠦ ᠨᠢᠭᠡᠴᠢ ᠲᠠᠢ ᠰᠢᠭᠤᠳ ᠠᠵᠢᠯ ᠤᠨ ᠪᠠᠶᠢᠷᠢ ᠶᠢᠨ ᠨᠠᠷᠢᠨ ᠵᠦᠢᠯᠡᠰ ᠢ | ᠶᠠᠷᠢᠯᠴᠠᠬᠤ ᠶᠢ ᠪᠡᠶᠡᠯᠡᠭᠦᠯᠪᠡ᠃ ︽ᠡᠭᠦᠯᠡᠨ ᠲᠠᠪᠴᠠᠩ ᠢᠶᠠᠷ ᠤᠷᠢᠨ ᠡᠯᠰᠡᠬᠦ︾ ᠦᠢᠯᠡᠴᠢᠯᠡᠭᠡ ᠶᠢ ᠵᠡᠷᠭᠡ ᠪᠠᠷ | ᠨᠠᠪᠲᠠᠷᠡᠭᠦᠯᠵᠦ᠂ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠭᠰᠡᠳ ᠤᠨ ᠲᠤᠭ᠎ᠠ 3 ᠲᠦᠮᠡᠨ ᠬᠥᠮᠥᠨ | ᠤᠳᠠᠭ᠎ᠠ ᠶᠢ ᠳᠠᠪᠠᠵᠤ᠂ ᠨᠡᠶᠢᠲᠡ 6100 ᠭᠠᠷᠤᠢ ᠬᠤᠪᠢ ᠲᠣᠪᠴᠢ ᠨᠠᠮᠲᠠᠷ ᠲᠤᠰᠴᠦ ᠣᠯᠣᠭᠰᠠᠨ ᠪᠥᠭᠡᠳ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠢ ᠬᠤᠪᠢ ᠲᠠᠷᠬᠠᠭᠠᠵᠤ᠂ | ᠠᠵᠢᠯ ᠡᠷᠢᠭᠰᠡᠳ ᠲᠤ ᠪᠦᠭᠦ ᠲᠠᠯ᠎ᠠ ᠶᠢᠨ ᠠᠵᠢᠯ ᠣᠯᠭᠤᠯᠲᠠ ᠶᠢᠨ ᠳᠡᠮᠵᠢᠯᠭᠡ ᠬᠠᠩᠭᠠᠪᠠ᠃ | ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠣᠶᠤᠲᠠᠳ ᠤᠨ ᠠᠵᠢᠯ ᠡᠷᠢᠬᠦ ᠦᠪᠡᠳᠡᠭᠰᠢ ᠴᠤᠭᠯᠠᠭᠠᠨ | ᠪᠤᠯᠬᠤ ᠪᠠᠷ ᠪᠠᠷᠠᠬᠤ ᠦᠭᠡᠢ ᠨᠠᠩ ᠴᠤ ᠵᠠᠯᠠᠭᠤᠴᠤᠳ ᠤᠨ ᠠᠵᠢᠯ ᠣᠯᠭᠤᠯᠲᠠ ᠶᠢᠨ ᠠᠵᠢᠯ ᠤᠨ ᠰᠢᠨ᠎ᠡ ᠶᠢ | ᠡᠭᠦᠳᠬᠦ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠭᠦᠭᠡᠬᠤᠲᠠ ᠶᠢᠨ ᠤᠯᠤᠰ | ᠲᠦᠷᠦ ᠶᠢᠨ ᠵᠥᠪᠯᠡᠯᠭᠡᠨ ᠦᠷᠭᠦᠯᠵᠢᠯᠡᠨ ᠡᠲᠡᠭᠡᠳ ᠢᠯᠭᠠᠯ ᠤᠨ ᠭᠡᠰᠢᠭᠦᠳ ᠤᠨ ᠳᠠᠪᠠᠭᠤᠯᠢᠭ ᠢᠶᠠᠨ ᠪᠠᠳᠠᠷᠠᠭᠤᠯᠵᠤ᠂ | ᠠᠵᠤ ᠠᠬᠤᠶᠢᠯᠠᠯ ᠤᠨ ᠬᠡᠷᠡᠭᠴᠡᠭᠡ ᠪᠣᠯᠣᠨ ᠵᠠᠯᠠᠭᠤᠴᠤᠳ ᠤᠨ ᠠᠵᠢᠯ ᠰᠣᠩᠭᠤᠯᠲᠠ ᠪᠠᠷ ᠤᠳᠤᠷᠢᠳᠤᠮᠵᠢ ᠪᠤᠯᠭᠠᠵᠤ᠂ | ᠵᠠᠯᠠᠭᠤᠴᠤᠳ ᠤᠨ ᠠᠵᠢᠯ ᠣᠯᠭᠤᠯᠲᠠ ᠪᠣᠯᠣᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ | ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠵᠠᠯᠠᠭᠤᠴᠤᠳ ᠲᠤ ᠨᠡᠩ ᠤᠯᠠᠨ ᠬᠥᠭᠵᠢᠯᠲᠡ ᠶᠢᠨ ᠠᠵᠠ ᠲᠣᠭᠢᠶᠠᠯ | ᠬᠠᠩᠭᠠᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠪᠣᠯᠣᠨ | ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ | | |