ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ | ᠤ ᠲᠢᠩᠬᠢᠮ᠂ ᠪᠡᠭᠡᠵᠢᠩ ᠬᠤᠲᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠠᠴᠠ ᠬᠠᠮᠲᠤᠷᠠᠨ | ᠪᠠᠶᠢᠭᠤᠯᠤᠭᠰᠠᠨ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠷᠤᠯᠠᠭᠤᠯᠭ᠎ᠠ ᠶᠢᠨ ᠠᠵᠤ ᠠᠬᠤᠶᠢᠯᠠᠯ ︵ᠪᠡᠭᠡᠵᠢᠩ︶ ᠤᠨ ᠬᠠᠮᠲᠤ ᠪᠠᠷ ᠡᠳ᠋ᠯᠡᠬᠦ ᠬᠥᠮᠥᠷᠭᠡ ᠲᠦᠷᠦᠭᠦᠬᠡᠨ ᠠᠰᠢᠭᠯᠠᠯᠲᠠ | ᠳᠤ ᠣᠷᠣᠪᠠ᠃ | ᠲᠤᠰ ᠬᠥᠮᠥᠷᠭᠡ ᠶᠢ ᠪᠡᠭᠡᠵᠢᠩ ᠬᠤᠲᠠ ᠶᠢᠨ ᠱᠦᠨ ᠢ ᠲᠣᠭᠤᠷᠢᠭ ᠪᠣᠯᠣᠨ ᠹᠠᠩ ᠱᠠᠨ ᠲᠣᠭᠤᠷᠢᠭ ᠲᠤ | ᠪᠠᠶᠢᠷᠢᠯᠠᠭᠤᠯᠵᠤ᠂ ᠥᠨᠳᠥᠷ ᠪᠠᠷᠢᠮᠵᠢᠶᠠᠲᠤ ᠬᠥᠮᠥᠷᠭᠡ ᠶᠢᠨ ᠶᠣᠰᠣᠭᠠᠷ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ | ᠭᠦᠢᠯᠭᠡᠭᠡ ᠶᠢᠨ ᠲᠡᠷᠢᠭᠦᠨ ᠤ ᠮᠡᠷᠭᠡᠵᠢᠯ ᠪᠠ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠬᠤᠷᠠᠮᠳᠤᠭᠤᠯᠵᠤ᠂ | ᠲᠥᠪᠯᠡᠷᠡᠭᠦᠯᠵᠦ ᠬᠥᠮᠥᠷᠭᠡᠯᠡᠨ ᠬᠠᠳᠠᠭᠠᠯᠠᠬᠤ᠂ ᠥᠨᠳᠥᠷ ᠦᠷ᠎ᠡ ᠪᠦᠲᠦᠮᠵᠢᠲᠡᠶ ᠬᠤᠪᠢᠶᠠᠨ ᠢᠯᠭᠠᠬᠤ᠂ ᠨᠠᠷᠢᠯᠢᠭ | ᠪᠣᠭᠤᠳᠠᠯᠯᠠᠬᠤ ᠪᠠ ᠲᠦᠷᠭᠡᠨ ᠲᠣᠬᠢᠷᠠᠭᠤᠯᠤᠨ ᠬᠦᠷᠭᠡᠬᠦ ᠵᠡᠷᠭᠡ ᠴᠢᠳᠠᠮᠵᠢ ᠶᠢ ᠪᠦᠷᠢᠯᠳᠦᠭᠦᠯᠵᠦ᠂ ᠬᠡᠷᠡᠭᠯᠡᠭᠴᠢᠳ ᠤᠨ | ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠨ᠎ᠠ᠃ ᠲᠡᠷᠡ ᠨᠢ ᠵᠠᠰᠠᠭ ᠤᠨ ᠣᠷᠳᠣᠨ ᠤ | ᠨᠥᠬᠦᠪᠦᠷᠢ ᠪᠠ ᠵᠠᠬ᠎ᠠ ᠳᠡᠯᠭᠡᠭᠦᠷᠴᠢᠯᠡᠬᠦ ᠶᠢ ᠬᠠᠷᠢᠯᠴᠠᠨ ᠤᠶᠠᠯᠳᠤᠭᠤᠯᠤᠭᠰᠠᠨ ᠡᠵᠡᠩᠨᠡᠯᠲᠡ ᠶᠢᠨ ᠠᠷᠭ᠎ᠠ ᠭᠡᠯᠪᠡᠷᠢ ᠪᠠᠷ | ᠳᠡᠮᠵᠢᠨ ᠠᠵᠤ ᠠᠬᠤᠶᠢᠯᠠᠯ ᠤᠨ ᠡᠳ᠋ ᠪᠠᠷᠠᠭᠠᠨ ᠤ ᠭᠦᠢᠯᠭᠡᠭᠡ ᠵᠢᠴᠢ ᠬᠥᠮᠥᠷᠭᠡᠯᠡᠨ ᠬᠠᠳᠠᠭᠠᠯᠠᠬᠤ ᠥᠪᠡᠷ ᠤᠨ | ᠥᠷᠲᠡᠭ ᠢ 40% ᠰᠢᠬᠠᠮ ᠠᠷᠪᠢᠯᠠᠵᠤ᠂ ᠲᠣᠬᠢᠷᠠᠭᠤᠯᠤᠨ ᠬᠦᠷᠭᠡᠬᠦ ᠴᠠᠭ ᠢ 1 ᠡᠳᠦᠷ ᠰᠢᠬᠠᠮ ᠪᠣᠭᠤᠨᠢᠰᠬᠠᠪᠠ᠃ | ᠣᠶᠢᠯᠠᠭᠠᠭᠰᠠᠨ ᠢᠶᠠᠷ᠂ ᠲᠤᠰ ᠬᠥᠮᠥᠷᠭᠡ ᠪᠣᠯ ᠪᠦᠭᠦ ᠤᠯᠤᠰ ᠤᠨ ᠵᠡᠭᠦᠨ ᠪᠠᠷᠠᠭᠤᠨ ᠣᠷᠣᠨ ᠤ ᠠᠵᠢᠯ | ᠲᠦᠷᠦᠯ ᠢᠶᠠᠷ ᠬᠠᠮᠵᠢᠯᠴᠠᠬᠤ ᠮᠤᠵᠢ ᠣᠷᠣᠨ ᠬᠤᠳᠠ ᠶᠢᠨ ᠳᠣᠲᠣᠷᠠᠬᠢ ᠠᠩᠬᠠᠳᠠᠭᠴᠢ ᠮᠤᠵᠢ ᠶᠢᠨ ᠲᠠᠰ ᠤᠨ ᠠᠵᠤ | ᠠᠬᠤᠶᠢᠯᠠᠯ ᠤᠨ ᠬᠠᠮᠲᠤ ᠪᠠᠷ ᠡᠳ᠋ᠯᠡᠬᠦ ᠬᠥᠮᠥᠷᠭᠡ ᠪᠣᠯᠣᠨ᠎ᠠ᠃ ᠣᠶᠢᠷ᠎ᠠ ᠳᠤ ᠮᠠᠨ ᠤ ᠣᠷᠣᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ 50 ᠭᠠᠷᠤᠢ ᠠᠵᠤ ᠠᠬᠤᠶᠢᠯᠠᠯ ᠵᠠᠯᠭᠠᠭ᠎ᠠ ᠪᠠᠷ | ᠲᠤᠰ ᠬᠥᠮᠥᠷᠭᠡ ᠳᠤ ᠪᠠᠷᠠᠭ᠎ᠠ ᠪᠠᠨ ᠬᠠᠳᠠᠭᠠᠯᠠᠭᠤᠯᠤᠨ᠂ ᠨᠢᠭᠡ ᠦᠷᠲᠡᠭᠡᠴᠢᠯᠡᠭᠰᠡᠨ ᠮᠠᠶ᠋ᠢᠭ ᠤᠨ ᠣᠶᠤᠨᠴᠢ | ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ ᠬᠦᠷᠭᠡᠬᠦ ᠦᠢᠯᠡᠴᠢᠯᠡᠭᠡ ᠪᠠᠷ ᠳᠠᠮᠵᠢᠨ ︽ᠬᠥᠮᠥᠷᠭᠡᠯᠡᠬᠦ᠂ ᠳᠡᠯᠭᠡᠨ | ᠦᠵᠡᠭᠦᠯᠭᠦ᠂ ᠪᠣᠷᠣᠯᠠᠭᠤᠯᠬᠤ᠂ ᠲᠣᠬᠢᠷᠠᠭᠤᠯᠬᠤ︾ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢ ᠪᠡᠶᠡᠯᠡᠭᠦᠯᠵᠦ᠂ | ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ᠂ ᠲᠥᠷᠥᠯ ᠲᠡᠮᠳᠡᠭ ᠤᠨ ᠥᠷᠢᠰᠦᠯᠳᠦᠬᠦ ᠬᠦᠴᠦᠨ ᠢᠶᠠᠨ | ᠳᠡᠭᠡᠭᠰᠢᠯᠡᠭᠦᠯᠵᠤ ᠪᠠᠶᠢᠨ᠎ᠠ᠃ | | |