ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠬᠠᠤᠯᠢ ᠪᠠᠷ ᠰᠢᠶᠠᠨ ᠢ ᠵᠠᠰᠠᠬᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/10
     4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠪᠠ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠬᠠᠳᠠ ᠬᠤᠷᠠᠯ ᠡᠷᠭᠢᠯᠡᠪᠡ᠃      ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠮᠢ ᠠᠬᠤᠢ ᠶᠢᠨ ᠬᠠᠮᠠᠭᠠᠯᠠᠯᠲᠠ ᠶᠢ ᠠᠵᠢᠯ ᠤᠨ ᠭᠤᠣᠯᠳᠠᠯᠭ᠎ᠠ ᠪᠣᠯᠭᠠᠨ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠵᠡᠷᠭᠡ ᠪᠣᠬᠢᠷᠲᠤᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠪᠠ ᠠᠷᠠᠳᠴᠢᠯᠠᠯ ᠢ ᠪᠠᠲᠤᠯᠠᠬᠤ ᠬᠡᠷᠡᠭᠲᠡᠢ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠤᠯᠢ ᠶᠣᠰᠣᠭᠠᠷ ᠬᠠᠮᠠᠭᠠᠯᠠᠵᠤ᠂ ᠳᠠᠯᠳᠠ ᠭᠡᠮ ᠪᠠ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠬᠤᠷᠴᠠ ᠰᠡᠷᠭᠡᠭ ᠠᠵᠢᠭᠯᠠᠬᠤ ᠶᠢᠨ ᠬᠠᠮᠲᠤ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠬᠡᠪ ᠤᠨ ᠡᠮᠬᠢ ᠳᠢᠭᠯᠢᠮ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠠᠵᠢᠯ ᠢ ᠦᠨᠡᠨᠬᠦ ᠠᠷᠠᠳ ᠣᠯᠠᠨ ᠤ ᠳᠤᠮᠳᠠ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠪᠣᠯᠣᠨ ᠬᠤᠶᠠᠷ ᠢ ᠬᠦᠷᠢᠶᠡᠯᠡᠬᠦ ᠠᠵᠢᠯ ᠤᠨ ᠣᠯᠣᠭᠰᠠᠨ ᠪᠣᠳᠠᠲᠤ ᠦᠷ᠎ᠡ ᠪᠦᠲᠦᠮᠵᠢ ᠶᠢ ᠨᠤᠲᠠᠯᠠᠵᠤ᠂ ᠪᠦᠷᠢᠨ ᠲᠡᠭᠦᠯᠳᠡᠷ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠵᠦ ᠠᠵᠢᠯ ᠣᠯᠭᠤᠬᠤ ᠪᠦᠬᠦᠯᠢ ᠴᠣᠭᠴᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢ ᠳᠠᠭᠠᠨ ᠲᠦᠰᠢᠭᠯᠡᠨ᠂ ᠴᠢᠨᠠᠷ ᠰᠠᠶᠢᠲᠠᠢ ᠬᠥᠭᠵᠢᠯᠲᠡ ᠶᠢᠨ ᠠᠬᠢᠴᠠ ᠳᠤ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠠᠩ ᠵᠠᠩᠭᠢᠯᠠᠭ᠎ᠠ ᠶᠢᠨ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠦᠴᠦᠸᠠᠨ ᠰᠢᠶᠠᠨ ᠤ ᠡᠯ᠎ᠡ ᠤᠯᠠᠨ ᠲᠦᠮᠡᠨ ᠤ ᠪᠦᠯᠬᠦᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠦᠮᠡᠨ ᠤ ᠪᠦᠯᠬᠦᠮ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠲᠤᠰ ᠪᠡᠶ᠎ᠡ ᠶᠢᠨ ᠥᠪᠡᠷᠮᠢᠴᠡ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠬᠥᠭᠵᠢᠯᠲᠡ ᠳᠤ ᠨᠡᠩ ᠤᠯᠠᠨ ᠤᠯᠠᠨ ᠲᠦᠮᠡᠨ ᠤ ᠪᠦᠯᠬᠦᠮ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠦᠴᠦᠸᠠᠨ ᠤ ᠬᠠᠮ ᠵᠠᠭᠤᠴᠢᠯᠠᠭᠤᠷ᠄ ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号