ᠤᠴᠤᠸᠠᠨ ᠰᠢᠶᠠᠨ ᠤ ᠴᠠᠬᠢᠯᠭᠠᠨ ᠴᠡᠨᠡᠭᠯᠡᠵᠦ ᠰᠣᠯᠢᠬᠤ ᠥᠷᠲᠡᠭᠡ ᠶᠢᠨ ᠲᠥᠷᠥᠯ ᠵᠦᠢᠯ ᠠᠮᠵᠢᠯᠲᠠ ᠲᠠᠢ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2025/4/11
     ᠣᠶᠢᠷ᠎ᠠ ᠳᠤ᠂ ᠦᠴᠦᠸᠠᠨ ᠰᠢᠶᠠᠨ ᠤ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠣᠯᠣᠨ ᠦᠴᠦᠸᠠᠨ ᠰᠢᠶᠠᠨ ᠤ ᠬᠤᠸᠠᠨ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠴᠦᠸᠠᠨ ᠰᠢᠶᠠᠨ ᠤ ᠴᠠᠬᠢᠯᠭᠠᠨ ᠴᠡᠨᠡᠭᠯᠡᠵᠦ ᠰᠣᠯᠢᠬᠤ ᠥᠷᠲᠡᠭᠡ ᠶᠢᠨ ᠲᠥᠷᠥᠯ ᠵᠦᠢᠯ ᠤᠨ ᠲᠤᠬᠠᠢ ᠦᠴᠦᠸᠠᠨ ᠰᠢᠶᠠᠨ ᠤ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠤᠷᠠᠯ ᠤᠨ ᠭᠡᠷ ᠲᠤ ᠵᠢᠩᠬᠢᠨᠢ ᠪᠠᠷ ᠭᠡᠷ᠎ᠡ ᠲᠣᠭᠲᠠᠪᠠ᠃ ᠦᠴᠦᠸᠠᠨ ᠰᠢᠶᠠᠨ ᠤ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠠᠬᠢᠭᠤᠯᠬᠤ ᠲᠣᠪᠴᠢᠶᠠᠨ ᠤ ᠳᠠᠷᠤᠭ᠎ᠠ ᠯᠢ ᠳ᠋ᠦᠩ ᠱᠧᠩ᠂ ᠵᠢᠷᠭᠤᠳᠤᠭᠠᠷ ᠳᠡᠰ ᠤᠨ ᠠᠵᠢᠯᠲᠠᠨ ᠵᠤᠤ ᠹᠧᠩ᠂ ᠲᠥᠪ ᠤᠨ ᠳᠡᠳ᠋ ᠡᠷᠬᠢᠯᠡᠭᠴᠢ ᠸᠠᠩ ᠶᠠ ᠲᠢᠩ᠂ ᠦᠴᠦᠸᠠᠨ ᠰᠢᠶᠠᠨ ᠤ ᠬᠤᠸᠠᠨ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠹᠠᠨ ᠬᠤᠤ ᠣᠷᠣᠯᠴᠠᠪᠠ᠃      ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ S311 ᠭᠤᠣᠯ ᠵᠠᠮ ᠤᠨ ᠦᠴᠦᠸᠠᠨ ᠰᠢᠶᠠᠨ ᠤ ᠬᠡᠪᠴᠢᠶᠡᠨ ᠤ ᠬᠡᠰᠡᠭ ᠲᠤ 1 ᠬᠦᠨᠳᠦ ᠠᠴᠢᠶᠠᠨ ᠤ ᠮᠠᠰᠢᠨ ᠤ ᠴᠠᠬᠢᠯᠭᠠᠨ ᠴᠡᠨᠡᠭᠯᠡᠵᠦ ᠰᠣᠯᠢᠬᠤ ᠥᠷᠲᠡᠭᠡ ᠶᠢ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠴᠠᠬᠢᠯᠭᠠᠨ ᠴᠡᠨᠡᠭᠯᠡᠬᠦ᠂ ᠴᠠᠬᠢᠯᠭᠠᠨ ᠰᠣᠯᠢᠬᠤ ᠪᠠ ᠣᠶᠤᠨᠴᠢ ᠠᠵᠢᠯᠯᠠᠭᠠᠨ ᠤ ᠬᠠᠮᠠᠭᠠᠯᠠᠯᠲᠠ ᠶᠢᠨ ᠦᠢᠯᠡᠴᠢᠯᠡᠭᠡ ᠶᠢ ᠬᠠᠩᠭᠠᠵᠤ᠂ 80 ᠪᠠᠷᠠᠭᠠᠨ ᠤ ᠭᠦᠢᠯᠭᠡᠭᠡᠨ ᠤ ᠬᠦᠨᠳᠦ ᠠᠴᠢᠶᠠᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠬᠦᠴᠦᠨ ᠢ ᠬᠠᠩᠭᠠᠬᠤ ᠪᠠᠷ ᠲᠥᠯᠥᠪᠯᠡᠵᠦ ᠪᠣᠢ᠃ ᠬᠤᠶᠠᠳᠤᠭᠠᠷ ᠬᠤᠭᠤᠴᠠᠭᠠᠨ ᠳᠤ ᠵᠠᠮ ᠬᠠᠷᠢᠯᠴᠠᠭᠠᠨ ᠤ ᠭᠤᠣᠯ ᠵᠠᠮ᠂ ᠰᠢᠶᠠᠩ ᠪᠠᠯᠭᠠᠰᠤᠨ ᠤ ᠲᠥᠪ ᠲᠣᠭᠤᠷᠢᠭ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ 2 ᠴᠠᠬᠢᠯᠭᠠᠨ ᠴᠡᠨᠡᠭᠯᠡᠵᠦ ᠰᠣᠯᠢᠬᠤ ᠥᠷᠲᠡᠭᠡ ᠪᠠᠶᠢᠷᠢᠰᠢᠭᠤᠯᠬᠤ ᠶᠢᠨ ᠬᠠᠮᠲᠤ ︽ᠳ᠋ᠢᠶᠠᠨ ᡂᠢ ᠶᠢᠨ ᠪᠠᠩᠬᠢ︾ ᠶᠢᠨ ᠬᠡᠪᠴᠢᠶ᠎ᠡ ᠶᠢ ᠥᠷᠭᠡᠳᠬᠡᠵᠦ᠂ ᠲᠤᠬᠠᠢ ᠶᠢᠨ ᠭᠠᠵᠠᠷ ᠤᠨ 200 ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠲᠡᠷᠭᠡᠨ ᠤ ᠨᠥᠬᠦᠪᠦᠷᠢ ᠶᠢ ᠬᠠᠩᠭᠠᠵᠤ᠂ ᠲᠤᠬᠠᠢ ᠶᠢᠨ ᠭᠠᠵᠠᠷ ᠤᠨ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠰᠢ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠵᠢᠱᠢᠯᠲᠡ ᠪᠠᠷ 1.05 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠣᠯᠣᠨ᠎ᠠ᠃      ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠲᠣᠪᠴᠢᠶᠠᠨ ᠳᠠᠷᠤᠭ᠎ᠠ ᠯᠢ ᠳ᠋ᠦᠩ ᠱᠧᠩ ᠵᠢᠭᠠᠵᠤ ᠭᠠᠷᠭᠠᠭᠰᠠᠨ ᠨᠢ᠂ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠴᠠᠬᠢᠯᠭᠠᠨ ᠴᠡᠨᠡᠭᠯᠡᠵᠦ ᠰᠣᠯᠢᠬᠤ ᠥᠷᠲᠡᠭᠡ ᠶᠢᠨ ᠲᠥᠷᠥᠯ ᠵᠦᠢᠯ ᠨᠢ ᠰᠢᠶᠠᠨ ᠤ ᠬᠡᠪᠴᠢᠶᠡᠨ ᠤ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ᠂ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠳᠡᠮᠵᠢᠯᠭᠡ ᠬᠠᠩᠭᠠᠨ᠎ᠠ᠃ ᠬᠤᠸᠠᠨ ᠳ᠋ᠢᠶᠠᠨ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠢ ᠳᠠᠭᠠᠭᠠᠮᠠᠯ ᠹᠠᠨ ᠬᠤᠤ ᠢᠯᠡᠷᠬᠡᠶᠢᠯᠡᠭᠰᠡᠨ ᠨᠢ᠂ ᠺᠣᠮᠫᠠᠨᠢ ᠮᠡᠷᠭᠡᠵᠢᠯ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠲᠡᠷᠢᠭᠦᠨ ᠤ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠣᠣᠷ ᠢ ᠪᠠᠶᠢᠭᠤᠯᠤᠨ᠎ᠠ᠃      ᠲᠣᠰ ᠤᠳᠠᠭᠠᠨ ᠤ ᠭᠡᠷ᠎ᠡ ᠲᠣᠭᠲᠠᠭᠰᠠᠨ ᠨᠢ ᠦᠴᠦᠸᠠᠨ ᠰᠢᠶᠠᠨ ᠤ ᠰᠢᠨ᠎ᠡ ᠡᠨᠧᠷᠭᠢ ᠶᠢᠨ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠵᠠᠩᠭᠢᠯᠠᠭ᠎ᠠ ᠶᠢᠨ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠵᠠᠯᠭᠠᠭᠠᠳ ᠦᠴᠦᠸᠠᠨ ᠰᠢᠶᠠᠨ ᠤ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠲᠣᠰ ᠲᠥᠷᠥᠯ ᠵᠦᠢᠯ ᠤᠨ ᠠᠬᠢᠴᠠ ᠶᠢ ᠦᠷᠭᠦᠯᠵᠢᠯᠡᠨ ᠠᠩᠬᠠᠷᠴᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠂ ᠦᠴᠦᠸᠠᠨ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号