4 ᠰᠠᠷ᠎ᠠ ᠶᠢᠨ 10 ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠱᠣᠤ ᠯᠢᠨ ᠦᠴᠦᠸᠠᠨ ᠰᠢᠶᠠᠨ ᠤ | ᠠᠷᠠᠳ ᠤᠨ ᠵᠠᠰᠠᠭ ᠤᠨ ᠣᠷᠳᠣᠨ ᠤ 2025 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ︽ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ | ᠡᠭᠦᠷᠭᠡ ᠬᠠᠷᠢᠭᠤᠴᠠᠯᠭ᠎ᠠ ᠵᠢᠴᠢ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ 2025 ᠣᠨ ᠤ | ᠠᠶᠤᠯᠭᠦᠢ ᠦᠢᠯᠡᠳᠪᠦᠷᠢᠯᠡᠯ ᠤᠨ ᠡᠭᠦᠷᠭᠡ ᠶᠢᠨ ᠨᠠᠷᠢᠨ ᠲᠠᠩᠰᠠ︾᠂ ︽ᠦᠴᠦᠸᠠᠨ ᠰᠢᠶᠠᠨ ᠤ ᠨᠡᠭᠦᠷᠡᠰᠦᠨ ᠤ ᠪᠤᠰᠤ | ᠠᠭᠤᠷᠬᠠᠢ ᠵᠢᠴᠢ ᠦᠯᠡᠳᠡᠭᠳᠡᠯ ᠬᠦᠳᠡᠷ ᠤᠨ ᠬᠥᠮᠥᠷᠭᠡ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠶᠤᠯᠭᠦᠢ | ᠦᠢᠯᠡᠳᠪᠦᠷᠢᠯᠡᠯ ᠤᠨ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠥᠰᠥᠯ︾ ᠢ | ᠬᠢᠨᠠᠨ ᠵᠥᠪᠯᠡᠪᠡ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠳᠤ ᠬᠤᠯᠪᠣᠭᠳᠠᠵᠤ᠂ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠂ ᠪᠦᠬᠦ ᠰᠢᠶᠠᠨ ᠢᠶᠠᠷ ᠢᠶᠠᠨ | ︽ᠠᠷᠠᠳ ᠲᠦᠮᠡᠨ ᠢ ᠳᠡᠭᠡᠳᠦᠯᠡᠵᠦ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ | ᠠᠵᠢᠯ ᠢ ᠪᠣᠳᠠᠲᠠᠢ ᠠᠳᠬᠤᠵᠤ ᠨᠠᠷᠢᠨ ᠠᠳᠬᠤᠬᠤ ᠬᠡᠷᠡᠭᠲᠡᠢ᠃ ᠡᠯ᠎ᠡ ᠲᠣᠯᠣᠭᠠᠶᠢᠯᠠᠭᠴᠢ ᠰᠢᠶᠠᠨ ᠤ ᠤᠳᠤᠷᠢᠳᠤᠯᠭ᠎ᠠ | ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ | ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠤᠨ ᠭᠡᠮ ᠰᠣᠭᠤᠭ ᠢ ᠴᠠᠭ ᠲᠤᠬᠠᠢ ᠳᠤᠨᠢ | ᠢᠯᠡᠷᠡᠭᠦᠯᠬᠦ ᠶᠢᠨ ᠬᠠᠮᠲᠤ ᠦᠨᠡᠨᠬᠦ ᠴᠡᠭᠴᠡᠯᠡᠨ ᠰᠠᠶᠢᠵᠢᠷᠠᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |