ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ︽ᠨᠡᠶᠢᠲᠡᠯᠢᠭ ᠭᠠᠵᠠᠷ ᠤᠨ ᠪᠣᠳᠠᠰ  ᠤᠨ ᠠᠯᠤᠰ ᠰᠡᠷᠡᠯ ᠤᠨ ᠣᠶᠤᠨᠴᠢ ᠣᠷᠴᠢᠭᠤᠯᠭ᠎ᠠ ᠶᠢᠨ ᠮᠡᠷᠭᠡᠵᠢᠯ ᠤᠨ ᠳᠦᠷᠢᠮ︾ ᠢ ᠡᠬᠢᠯᠡᠨ ᠬᠡᠷᠡᠭᠵᠢᠭᠦᠯᠵᠡᠢ
ᠨᠡᠶᠢᠲᠡᠯᠡᠭᠰᠡᠨ ᠴᠠᠭ᠄
2025/4/11
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ︽ᠨᠡᠶᠢᠲᠡᠯᠢᠭ ᠭᠠᠵᠠᠷ  ᠤᠨ ᠪᠣᠳᠠᠰ ᠤᠨ ᠠᠯᠤᠰ ᠰᠡᠷᠡᠯ ᠤᠨ ᠣᠶᠤᠨᠴᠢ ᠣᠷᠴᠢᠭᠤᠯᠭ᠎ᠠ ᠶᠢᠨ ᠮᠡᠷᠭᠡᠵᠢᠯ ᠤᠨ ᠳᠦᠷᠢᠮ︾ ᠢ ᠡᠬᠢᠯᠡᠨ ᠬᠡᠷᠡᠭᠵᠢᠭᠦᠯᠪᠡ᠃     ᠣᠶᠢᠯᠠᠭᠠᠭᠰᠠᠨ ᠢᠶᠠᠷ᠂ ᠲᠣᠰ ᠪᠠᠷᠢᠮᠵᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠯᠤᠰ ᠰᠡᠷᠡᠯ  ᠤᠨ ᠣᠶᠤᠨᠴᠢ ᠣᠷᠴᠢᠭᠤᠯᠭ᠎ᠠ ᠶᠢᠨ ᠮᠡᠷᠭᠡᠵᠢᠯ ᠳᠤ ᠴᠢᠭᠯᠡᠭᠦᠯᠦᠭᠰᠡᠨ ᠣᠷᠣᠨ ᠨᠤᠲᠤᠭ ᠤᠨ ᠪᠠᠷᠢᠮᠵᠢᠶ᠎ᠠ ᠪᠣᠯᠣᠨ᠎ᠠ᠃ ᠡᠨᠡ ᠨᠢ ᠮᠠᠨ ᠤ ᠣᠷᠣᠨ ᠤ ᠠᠯᠤᠰ ᠰᠡᠷᠡᠯ ᠤᠨ ᠮᠡᠷᠭᠡᠵᠢᠯ ᠤᠨ ᠬᠡᠷᠡᠭᠯᠡᠭᠡᠨ ᠤ ᠬᠦᠷᠢᠶᠡᠨ ᠳᠤ ᠵᠠᠩᠭᠢᠯᠠᠭ᠎ᠠ ᠶᠢᠨ ᠠᠯᠬᠤᠮ ᠢ ᠠᠯᠬᠤᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠲᠥᠯᠦᠪᠵᠢᠭᠦᠯᠭᠡ ᠵᠡᠷᠭᠡ ᠬᠦᠷᠢᠶᠡᠨ ᠳᠤ ᠨᠠᠩ ᠣᠨᠣᠪᠴᠢᠲᠠᠶ᠂ ᠥᠨᠳᠥᠷ ᠪᠦᠲᠦᠮᠵᠢᠲᠡᠶ ᠠᠯᠤᠰ ᠰᠡᠷᠡᠯ ᠤᠨ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ ᠴᠢᠳᠠᠬᠤ ᠶᠢ ᠬᠠᠷᠠᠭᠤᠯᠵᠤ ᠪᠠᠶᠢᠨ᠎ᠠ᠃ ︽ᠨᠡᠶᠢᠲᠡᠯᠢᠭ ᠭᠠᠵᠠᠷ ᠤᠨ ᠪᠣᠳᠠᠰ ᠤᠨ ᠠᠯᠤᠰ ᠰᠡᠷᠡᠯ ᠤᠨ ᠣᠶᠤᠨᠴᠢ ᠣᠷᠴᠢᠭᠤᠯᠭ᠎ᠠ ᠶᠢᠨ ᠮᠡᠷᠭᠡᠵᠢᠯ ᠤᠨ ᠳᠦᠷᠢᠮ︾ ᠨᠢ ᠣᠳᠣᠬᠠᠨ ᠤ ᠦᠢᠯᠡᠳᠪᠦᠷᠢᠯᠡᠯ ᠤᠨ ᠲᠤᠷᠰᠢᠯᠭ᠎ᠠ ᠳᠤ ᠰᠠᠭᠤᠷᠢᠯᠠᠨ ᠳ᠋ᠦᠩᠨᠡᠨ ᠪᠤᠯᠪᠠᠰᠤᠷᠠᠭᠤᠯᠵᠤ ᠭᠠᠷᠭᠠᠵᠠᠢ᠂ ᠭᠤᠣᠯᠳᠠᠭᠤ ᠨᠡᠶᠢᠲᠡᠯᠢᠭ ᠭᠠᠵᠠᠷ ᠤᠨ ᠪᠣᠳᠠᠰ ᠤᠨ ᠠᠯᠤᠰ ᠰᠡᠷᠡᠯ ᠤᠨ ᠣᠶᠤᠨᠲᠤ ᠣᠷᠴᠢᠭᠤᠯᠭ᠎ᠠ ᠶᠢᠨ ᠶᠡᠷᠦᠩᠬᠡᠢ ᠱᠠᠭᠠᠷᠳᠠᠯᠭ᠎ᠠ᠂ ᠮᠡᠷᠭᠡᠵᠢᠯ ᠤᠨ ᠶᠠᠪᠤᠴᠠ᠂ ᠠᠯᠤᠰ ᠰᠡᠷᠡᠯ ᠤᠨ ᠲᠤᠭ᠎ᠠ ᠪᠠᠷᠢᠮᠲᠠ ᠶᠢᠨ ᠪᠡᠯᠡᠳᠬᠡᠯ᠂ ᠨᠡᠶᠢᠲᠡᠯᠢᠭ ᠭᠠᠵᠠᠷ  ᠤᠨ ᠪᠣᠳᠠᠰ ᠤᠨ ᠣᠶᠤᠨᠲᠤ ᠣᠷᠴᠢᠭᠤᠯᠭ᠎ᠠ᠂ ᠶᠠᠰᠤ ᠴᠢᠨᠠᠷ ᠤᠨ ᠡᠵᠡᠮᠳᠡᠯ ᠵᠢᠴᠢ ᠦᠷ᠎ᠡ ᠪᠦᠲᠦᠭᠡᠯ ᠤᠨ ᠵᠣᠬᠢᠶᠠᠨ ᠪᠠᠶᠢᠭᠤᠯᠤᠯᠲᠠ ᠵᠡᠷᠭᠡ ᠠᠭᠤᠯᠭ᠎ᠠ ᠶᠢ ᠪᠠᠭᠲᠠᠭᠠᠨ᠎ᠠ᠃ ᠲᠤᠰ ᠳᠦᠷᠢᠮ ᠨᠢ ᠭᠡᠷ ᠪᠠᠶᠢᠰᠢᠩ ᠤᠨ ᠪᠠᠷᠢᠯᠭ᠎ᠠ ᠶᠢᠨ ᠲᠣᠭᠤᠷᠢᠭ᠂ ᠵᠠᠰᠠᠮᠠᠯ ᠵᠠᠮ ᠪᠠ ᠲᠡᠮᠦᠷ ᠵᠠᠮ᠂ ᠲᠠᠷᠢᠶᠠᠨ ᠭᠠᠵᠠᠷ᠂ ᠴᠡᠴᠡᠷᠯᠢᠭ᠂ ᠣᠶᠢᠲᠤ ᠭᠠᠵᠠᠷ᠂ ᠡᠪᠡᠰᠦᠲᠦ ᠲᠠᠯ᠎ᠠ᠂ ᠨᠤᠭᠤ ᠭᠠᠵᠠᠷ ᠵᠡᠷᠭᠡ ᠨᠡᠶᠢᠲᠡᠯᠢᠭ ᠭᠠᠵᠠᠷ ᠤᠨ ᠪᠣᠳᠠᠰ ᠢ ᠠᠯᠤᠰ ᠰᠡᠷᠡᠯ ᠤᠨ ᠣᠶᠤᠨᠴᠢ ᠪᠠᠷ ᠬᠢᠨᠠᠨ ᠬᠡᠮᠵᠢᠬᠦ ᠪᠠ ᠢᠯᠭᠠᠨ ᠲᠠᠨᠢᠬᠤ ᠳᠤ ᠲᠣᠬᠢᠷᠠᠯᠴᠠᠨ᠂ ᠨᠡᠶᠢᠲᠡᠯᠢᠭ ᠭᠠᠵᠠᠷ ᠤᠨ ᠪᠣᠳᠠᠰ ᠤᠨ ᠠᠯᠤᠰ ᠰᠡᠷᠡᠯ ᠤᠨ ᠣᠶᠤᠨᠴᠢ ᠣᠷᠴᠢᠭᠤᠯᠭ᠎ᠠ ᠶᠢᠨ ᠮᠡᠷᠭᠡᠵᠢᠯ ᠤᠨ ᠳᠠᠷᠠᠭᠠᠯᠠᠯ ᠢ ᠳᠦᠷᠢᠮᠵᠢᠭᠦᠯᠬᠦ᠂ ᠠᠯᠤᠰ ᠰᠡᠷᠡᠯ ᠤᠨ ᠲᠤᠭ᠎ᠠ ᠪᠠᠷᠢᠮᠲᠠ ᠶᠢᠨ ᠣᠷᠴᠢᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠯᠤᠰ ᠰᠡᠷᠡᠯ ᠤᠨ ᠣᠶᠤᠨᠴᠢ ᠣᠷᠴᠢᠭᠤᠯᠭ᠎ᠠ ᠶᠢᠨ ᠮᠡᠷᠭᠡᠵᠢᠯ ᠤᠨ ᠬᠥᠭᠵᠢᠯᠲᠡ ᠶᠢ ᠬᠦᠴᠦᠲᠡᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号