ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ | ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠤᠨ ᠲᠦᠷᠦᠭᠦᠦ ᠤᠯᠠᠷᠢᠯ ᠳᠤ 356 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ 26. | 55 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ | ᠪᠦᠭᠦ ᠲᠠᠯ᠎ᠠ ᠪᠠᠷ ᠪᠠᠬᠢᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠡᠨᠡ ᠵᠢᠯ ᠤᠨ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠨᠠᠷ ᠰᠠᠶᠢᠲᠠᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠲᠠᠷᠢᠶᠠᠴᠢᠳ ᠤᠨ | ᠲᠥᠷᠥᠯ ᠵᠦᠢᠯ ᠤᠨ ᠬᠡᠷᠡᠭᠵᠢᠭᠦᠯᠦᠯᠲᠡ ᠳᠤ ᠪᠦᠭᠦ ᠶᠠᠪᠤᠴᠠ ᠪᠠᠷ ᠣᠷᠤᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠪᠠᠷᠢᠯᠭ᠎ᠠ ᠶᠢᠨ ᠶᠠᠰᠤ ᠴᠢᠨᠠᠷ ᠤᠨ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠭᠡᠵᠦ | ᠳᠤᠷᠠᠳᠴᠠᠢ᠃ ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠠᠯᠪᠠᠨ ᠲᠢᠩᠬᠢᠮ ᠠᠴᠠ ︽ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠱᠠᠭᠠᠷᠳᠠᠪᠠ᠃ | ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠹᠧᠩ ᠲᠢᠶᠠᠨ ᠪᠠᠯᠭᠠᠰᠤ ᠶᠢᠨ ᠯᠢᠶᠤᠤᠶᠠᠩ ᠲᠣᠰᠬᠤᠨ | ᠤ 1020 ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠳᠤ ᠤᠳᠬᠤᠭᠤᠷ ᠮᠠᠰᠢᠨ ᠢ ᠬᠦᠷᠴᠢᠭᠢᠨᠡᠭᠦᠯᠦᠨ ᠭᠠᠵᠠᠷ ᠲᠡᠭᠰᠢᠯᠡᠵᠦ ᠶᠠᠭᠠᠷᠠᠯᠳᠤᠨ᠎ᠠ᠃ ᠡᠨᠡ ᠵᠢᠯ ᠤᠨ 1 | ᠰᠠᠷ᠎ᠠ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠠᠴᠠ ᠨᠠᠭᠠᠰᠢ ᠬᠤᠳᠳᠤᠭ ᠮᠠᠯᠲᠠᠬᠤ᠂ ᠬᠤᠭᠤᠯᠠᠢ | ᠤᠭᠰᠠᠷᠠᠬᠤ᠂ ᠭᠠᠵᠠᠷ ᠲᠡᠭᠰᠢᠯᠡᠬᠦ ᠵᠡᠷᠭᠡ ᠠᠵᠢᠯ ᠢᠶᠠᠷ ᠳᠠᠮᠵᠢᠭᠠᠳ ᠪᠦᠭᠦᠶᠢᠯᠡ ᠬᠡᠰᠡᠭ ᠲᠠᠷᠢᠶᠠᠨ ᠭᠠᠵᠠᠷ ᠨᠢᠭᠡᠨᠲᠡ | ᠨᠡᠯᠢᠶᠡᠳ ᠲᠡᠭᠰᠢᠬᠡᠨ ᠪᠣᠯᠵᠤ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠳᠤ ᠪᠠᠲᠤᠯᠠᠭ᠎ᠠ ᠬᠠᠩᠭᠠᠪᠠ᠃ | ᠣᠶᠢᠯᠠᠭᠠᠭᠰᠠᠨ ᠢᠶᠠᠷ᠂ ᠲᠤᠰ ᠬᠡᠰᠡᠭ ᠲᠠᠷᠢᠶᠠᠨ ᠭᠠᠵᠠᠷ ᠠᠰᠢᠭᠯᠠᠯᠲᠠ ᠳᠤ ᠣᠷᠣᠭᠰᠠᠨ ᠤ ᠳᠠᠷᠠᠭ᠎ᠠ ᠡᠷᠳᠡᠨᠢ ᠰᠢᠰᠢ | ᠶᠢᠨ ᠮᠦ ᠨᠢᠭᠡᠴᠢ ᠶᠢᠨ ᠤᠨᠠᠯᠲᠠ 200 ᠵᠢᠩ ᠭᠠᠷᠤᠢ ᠳᠡᠭᠡᠭᠰᠢᠯᠡᠵᠦ᠂ ᠮᠦ ᠨᠢᠭᠡᠴᠢ ᠶᠢᠨ ᠳᠤᠮᠳᠠᠴᠢ ᠦᠷ᠎ᠡ ᠠᠰᠢᠭ | ᠨᠢ 180 ᠭᠠᠷᠤᠢ ᠲᠥᠭᠦᠷᠢᠭ ᠨᠡᠮᠡᠭᠳᠡᠬᠦ ᠪᠣᠯᠣᠨ᠎ᠠ᠃ ︽4 ᠰᠠᠷ᠎ᠠ ᠶᠢᠨ ᠳᠤᠮᠳᠠᠴᠢ ᠪᠠᠷ ᠲᠠᠷᠢᠶᠠᠴᠢᠳ ᠶᠡᠭᠡ | ᠬᠡᠪᠴᠢᠶᠡᠨ ᠤ ᠬᠠᠪᠤᠷ ᠤᠨ ᠲᠠᠷᠢᠶᠠᠯᠠᠭ᠎ᠠ ᠶᠢᠨ ᠤᠰᠤᠯᠠᠯᠲᠠ ᠬᠢᠬᠦ ᠪᠣᠯᠣᠨ᠎ᠠ᠃ ᠪᠢᠳᠡ ᠣᠯᠠᠨ ᠰᠠᠯᠠᠭ᠎ᠠ ᠮᠥᠴᠢᠷ ᠤᠨ | ᠬᠠᠮᠲᠤᠷᠠᠭᠰᠠᠨ ᠲᠣᠭᠲᠠᠴᠠ ᠶᠢ ᠪᠠᠶᠢᠭᠤᠯᠤᠨ᠂ ᠭᠠᠷ ᠭᠦᠢᠴᠡᠳᠬᠡᠯ ᠢᠶᠠᠨ ᠠᠯᠢ ᠴᠢᠳᠠᠬᠤ ᠪᠠᠷ ᠲᠦᠷᠭᠡᠨ | ᠭᠦᠢᠴᠡᠳᠬᠡᠵᠦ᠂ ᠬᠠᠪᠤᠷ ᠤᠨ ᠲᠠᠷᠢᠶᠠᠯᠠᠭ᠎ᠠ ᠶᠢ ᠨᠥᠯᠥᠭᠡᠯᠡᠬᠦ ᠦᠭᠡᠢ ᠪᠠᠶᠢᠬᠤ ᠶᠢ ᠪᠠᠲᠤᠯᠠᠵᠤ ᠪᠠᠶᠢᠨ᠎ᠠ︾ ᠭᠡᠵᠦ | ᠬᠤᠷᠴᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠤᠨ ᠵᠣᠣ ᠽᠢ | ᠸᠧᠢ ᠬᠡᠯᠡᠨ᠎ᠡ᠃ | ᠵᠢᠯ ᠤᠨ ᠡᠬᠢᠨ ᠠᠴᠠ ᠨᠠᠭᠠᠰᠢ᠂ ᠪᠦᠭᠦ ᠣᠷᠣᠨ ᠤ ᠡᠯ᠎ᠡ ᠬᠤᠰᠢᠭᠤ ᠰᠢᠶᠠᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠭᠦ ᠲᠠᠯ᠎ᠠ ᠪᠠᠷ ᠪᠠᠷᠢᠯᠭ᠎ᠠ ᠡᠬᠢᠯᠡᠭᠦᠯᠵᠦ᠂ ᠬᠠᠪᠤᠷ | ᠤᠨ ᠲᠠᠷᠢᠶᠠᠯᠠᠭ᠎ᠠ ᠠᠴᠠ ᠡᠮᠦᠨ᠎ᠡ ᠤᠰᠤᠯᠠᠯᠲᠠ ᠶᠢᠨ ᠬᠤᠭᠤᠯᠠᠢ ᠤᠭᠰᠠᠷᠠᠬᠤ ᠵᠡᠷᠭᠡ ᠠᠵᠢᠯ ᠢ ᠳᠠᠭᠤᠰᠬᠠᠬᠤ ᠪᠠᠷ | ᠴᠢᠷᠮᠠᠶᠢᠨ ᠠᠵᠢᠯᠯᠠᠵᠤ ᠪᠠᠶᠢᠨ᠎ᠠ᠃ ᠣᠷᠳᠣᠰ ᠬᠤᠲᠠ ᠶᠢᠨ ᠦᠦᠰᠢᠨ ᠬᠤᠰᠢᠭᠤᠨ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠥᠩᠭᠡᠷᠡᠭᠰᠡᠨ ᠤ ᠰᠦᠷᠴᠢᠨ ᠤᠰᠤᠯᠠᠬᠤ ᠠᠷᠭ᠎ᠠ ᠭᠡᠯᠪᠡᠷᠢ ᠶᠢ | ᠬᠤᠪᠢᠷᠠᠭᠤᠯᠤᠨ ᠭᠠᠷ ᠤᠲᠠᠰᠤᠨ ᠤ APP ᠪᠠᠷ ᠳᠠᠮᠵᠢᠨ ᠠᠯᠤᠰ ᠠᠴᠠ ᠠᠵᠢᠯᠯᠠᠭᠤᠯᠵᠤ᠂ 1 ᠬᠥᠮᠥᠨ ᠮᠢᠩᠭᠠᠨ ᠮᠦ | ᠲᠠᠷᠢᠶᠠᠨ ᠭᠠᠵᠠᠷ ᠢ ᠬᠠᠮᠢᠶᠠᠷᠴᠤ ᠳᠡᠶᠢᠯᠭᠦ ᠪᠣᠯᠵᠠᠢ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ | ᠳᠤ ᠬᠤᠳᠳᠤᠭ ᠮᠠᠯᠲᠠᠬᠤ ᠮᠠᠰᠢᠨ ᠶᠠᠭᠠᠷᠠᠯᠲᠠᠶᠢᠬᠠᠨ ᠠᠵᠢᠯᠯᠠᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠷᠭᠢᠨ | ᠲᠣᠭᠤᠷᠢᠨ ᠤ 3000 ᠮᠦ ᠲᠠᠷᠢᠶᠠᠨ ᠭᠠᠵᠠᠷ ᠤᠨ ᠤᠰᠤᠯᠠᠯᠲᠠ ᠶᠢᠨ ᠨᠥᠬᠦᠴᠡᠯ ᠪᠠ ᠵᠠᠮ ᠨᠡᠪᠲᠡᠷᠡᠬᠦ ᠨᠣᠷᠮ᠎ᠠ ᠶᠢ | ᠢᠯᠡᠳᠲᠡ ᠳᠡᠭᠡᠭᠰᠢᠯᠡᠭᠦᠯᠭᠦ ᠪᠣᠯᠣᠨ᠎ᠠ᠃ ᠡᠭᠦᠨ ᠤ ᠵᠡᠷᠭᠡ ᠪᠠᠷ ᠮᠠᠨ ᠤ ᠣᠷᠣᠨ ᠪᠠᠰᠠ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠬᠡᠷᠡᠭᠵᠢᠭᠦᠯᠵᠦ᠂ ᠲᠦᠷᠦᠯ ᠵᠦᠢᠯ ᠤᠨ ᠳᠠᠭᠠᠭᠠᠴᠢᠯᠠᠯᠲᠠ ᠣᠯᠣᠭᠰᠠᠨ | ᠪᠠᠷᠢᠯᠭ᠎ᠠ ᠶᠢᠨ ᠠᠵᠤ ᠠᠬᠤᠶᠢᠯᠠᠯ ᠤᠨ ᠪᠡᠯᠡ ᠤᠷᠤᠭᠤᠯᠤᠯᠲᠠ ᠶᠢᠨ 10% ᠠᠴᠠ ᠳᠡᠭᠡᠭᠰᠢᠬᠢ ᠶᠢ ᠠᠵᠢᠯ ᠣᠯᠭᠤᠬᠤ | ᠪᠠᠷ ᠲᠡᠳᠬᠦᠮᠵᠢ ᠶᠢ ᠣᠷᠣᠯᠠᠭᠤᠯᠬᠤ ᠳᠤ ᠬᠡᠷᠡᠭᠯᠡᠵᠦ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠵᠦ | ᠪᠠᠶᠢᠨ᠎ᠠ᠃ | ︽ᠮᠠᠨ ᠤ ᠣᠷᠣᠨ 2025 ᠣᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠢᠨᠠᠷ ᠰᠠᠶᠢᠲᠠᠢ | ᠪᠦᠲᠦᠭᠡᠨ ᠪᠠᠶᠢᠭᠤᠯᠤᠯᠲᠠ ᠶᠢᠨ ᠣᠨ ᠢᠶᠠᠷ ᠲᠣᠭᠲᠠᠭᠠᠵᠤ᠂ ︿ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ᠤᠨ 2. | 0 ᠬᠡᠪᠯᠡᠯ﹀ ᠢ ᠬᠦᠴᠦᠯᠡᠨ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠲᠠᠷᠢᠶᠠᠯᠠᠭ᠎ᠠ ᠶᠢᠨ | ᠰᠡᠯᠡᠭᠦᠦ ᠴᠠᠭ ᠢ ᠵᠠᠪᠳᠤᠨ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠪᠦᠭᠦ ᠲᠠᠯ᠎ᠠ ᠪᠠᠷ ᠠᠬᠢᠭᠤᠯᠵᠤ | ᠪᠠᠶᠢᠨ᠎ᠠ᠃ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ ᠪᠣᠳᠣᠯᠭ᠎ᠠ ᠪᠠ ᠪᠡᠯᠡ | ᠮᠥᠩᠭᠦ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠨ ᠭᠠᠵᠠᠷ ᠢ ᠲᠡᠭᠰᠢᠯᠡᠬᠦ᠂ ᠤᠰᠤ ᠨᠠᠪᠲᠠᠷᠡᠭᠦᠯᠵᠦ | ᠵᠠᠮ ᠨᠡᠪᠲᠡᠷᠡᠭᠦᠯᠬᠦ᠂ ᠭᠠᠵᠠᠷ ᠤᠨ ᠬᠦᠴᠦ ᠰᠢᠮ᠎ᠡ᠂ ᠤᠨᠠᠯᠲᠠ ᠪᠠ ᠦᠷ᠎ᠡ ᠠᠰᠢᠭ ᠢ ᠳᠡᠭᠡᠭᠰᠢᠯᠡᠭᠦᠯᠭᠦ ᠵᠡᠷᠭᠡ ︿ᠨᠢᠭᠡ ᠶᠢ | ᠲᠡᠭᠰᠢᠯᠡᠵᠦ ᠬᠤᠶᠠᠷ ᠢ ᠨᠠᠪᠲᠠᠷᠡᠭᠦᠯᠵᠦ ᠭᠤᠷᠪᠠ ᠶᠢ ᠳᠡᠭᠡᠭᠰᠢᠯᠡᠭᠦᠯᠭᠦ﹀ ᠪᠠᠷᠢᠮᠵᠢᠶ᠎ᠠ ᠶᠣᠰᠣᠭᠠᠷ ᠠᠳᠠᠯᠢ ᠪᠤᠰᠤ ᠣᠷᠣᠨ | ᠪᠦᠰᠡ᠂ ᠠᠳᠠᠯᠢ ᠪᠤᠰᠤ ᠲᠥᠷᠥᠯ ᠭᠡᠯᠪᠡᠷᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠣᠷᠣᠭᠤᠯᠤᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠨ᠂ ᠪᠠᠷᠢᠯᠭ᠎ᠠ ᠶᠢᠨ ᠶᠠᠰᠤ ᠴᠢᠨᠠᠷ | ᠢ ᠦᠷᠭᠦᠯᠵᠢᠯᠡᠨ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠪᠠᠶᠢᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠡᠭᠡᠳᠦ | ᠵᠡᠷᠭᠡ ᠶᠢᠨ ᠢᠨᠵᠧᠨᠧᠷ ᠫᠠᠨ ᠯᠦᠩ ᠲᠠᠨᠢᠯᠴᠠᠭᠤᠯᠤᠨ᠎ᠠ᠃ | ᠪᠦᠷᠢᠳᠬᠡᠯ ᠢ ᠦᠨᠳᠦᠰᠦᠯᠡᠪᠡᠯ᠂ 2024 ᠣᠨ ᠤ ᠡᠴᠦᠰ ᠪᠤᠯᠲᠠᠯ᠎ᠠ ᠮᠠᠨ ᠤ ᠣᠷᠣᠨ ᠨᠡᠶᠢᠲᠡ 6005 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠡᠭᠦᠨ ᠳᠤ ᠤᠰᠤᠯᠠᠯᠲᠠ ᠶᠢᠨ | ᠲᠠᠷᠢᠶ᠎ᠠ 4526 ᠲᠦᠮᠡᠨ ᠮᠦ᠂ ᠬᠠᠭᠤᠷᠠᠢ ᠲᠠᠷᠢᠶ᠎ᠠ 1345 ᠲᠦᠮᠡᠨ ᠮᠦ᠂ ᠤᠰᠤᠨ ᠲᠠᠷᠢᠶ᠎ᠠ 134 ᠲᠦᠮᠡᠨ ᠮᠦ | ᠪᠤᠶ᠃ ᠨᠢᠭᠡᠨᠲᠡ ᠪᠦᠲᠦᠭᠡᠨ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢ ᠪᠦᠭᠦ ᠣᠷᠣᠨ ᠤ | ᠲᠠᠷᠢᠶᠠᠨ ᠭᠠᠵᠠᠷ ᠤᠨ ᠶᠡᠷᠦᠩᠬᠡᠢ ᠲᠠᠯᠠᠪᠠᠶ ᠶᠢᠨ 35% ᠶᠢ ᠡᠵᠡᠯᠡᠵᠦ᠂ ᠪᠦᠭᠦ ᠣᠷᠣᠨ ᠤ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠲᠠᠯᠠᠪᠠᠶ ᠶᠢᠨ 45% ᠶᠢ ᠡᠵᠡᠯᠡᠪᠡ᠃ | ᠡᠨᠡ ᠵᠢᠯ ᠮᠠᠨ ᠤ ᠣᠷᠣᠨ ᠬᠡᠮᠵᠢᠶ᠎ᠡ ᠬᠡᠪᠴᠢᠶ᠎ᠡ ᠶᠢ ᠪᠠᠲᠤᠯᠠᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ | ᠠᠰᠢᠭ ᠢ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ | ᠤᠨ ᠠᠬᠢᠴᠠ ᠪᠣᠯᠣᠨ ᠰᠢᠨ᠎ᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠬᠢᠭᠤᠯᠬᠤ ᠠᠵᠢᠯ ᠢ ᠲᠦᠷᠭᠡᠳᠬᠡᠨ᠂ | ᠲᠥᠷᠥᠯ ᠵᠦᠢᠯ ᠤᠨ ᠭᠦᠢᠴᠡᠳᠬᠡᠯ ᠲᠤᠭ᠎ᠠ ᠶᠢ ᠢᠳᠡᠪᠬᠢᠲᠡᠢ ᠭᠤᠶᠤᠴᠢᠯᠠᠨ ᠣᠯᠵᠤ᠂ ᠪᠦᠭᠦ ᠵᠢᠯ ᠤᠨ 850 ᠲᠦᠮᠡᠨ | ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠭᠦ ᠬᠦᠴᠦᠨ | ᠢᠶᠠᠷ ᠢᠶᠠᠨ ᠪᠡᠶᠡᠯᠡᠭᠦᠯᠬᠦ ᠪᠣᠯᠣᠨ᠎ᠠ᠃ | | |