ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ 1 - 3 | ᠰᠠᠷ᠎ᠠ ᠳᠤ᠂ ᠮᠠᠨ ᠤ ᠣᠷᠣᠨ ᠤ ᠬᠢᠯᠢ ᠶᠢᠨ ᠪᠣᠭᠤᠮᠲᠠ ᠪᠠᠷ ᠥᠩᠭᠡᠷᠡᠭᠰᠡᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 2985.28 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠦ᠂ ᠬᠢᠯᠢ | ᠪᠠᠷ ᠥᠩᠭᠡᠷᠡᠭᠰᠡᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 179.63 ᠲᠦᠮᠡᠨ ᠬᠥᠮᠥᠨ ᠤᠳᠠᠭ᠎ᠠ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 82.8% ᠪᠠᠷ ᠨᠡᠮᠡᠭᠳᠡᠵᠡᠢ᠃ | 2025 ᠣᠨ ᠳᠤ ᠮᠠᠨ ᠤ ᠣᠷᠣᠨ ᠬᠢᠯᠢ ᠶᠢᠨ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ 1.3 ᠳ᠋ᠦᠩᠰᠢᠭᠤᠷ ᠲᠣᠨ ᠢ ᠳᠠᠪᠠᠭᠤᠯᠬᠤ ᠬᠠᠷᠠᠯᠲᠠ ᠲᠣᠭᠲᠠᠭᠠᠵᠠᠢ᠃ ᠡᠨᠡ ᠬᠦ ᠬᠠᠷᠠᠯᠲᠠ ᠪᠠᠨ | ᠪᠡᠶᠡᠯᠡᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠠᠴᠠ ᠬᠤᠳᠠᠯᠳᠤᠭᠠᠨ ᠤ | ᠶᠠᠪᠤᠳᠠᠯ ᠪᠣᠯᠣᠨ ᠪᠣᠭᠤᠮᠲᠠ ᠶᠢᠨ ᠬᠥᠭᠵᠢᠯᠲᠡ ᠶᠢᠨ ᠲᠤᠰᠬᠠᠢ ᠲᠦᠷᠤᠯ ᠤᠨ ᠪᠡᠯᠡ ᠮᠥᠩᠭᠦ ᠲᠣᠬᠢᠷᠠᠭᠤᠯᠤᠨ 10 | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠮᠵᠢᠭᠦ᠂ ᠮᠠᠨᠵᠤᠤᠷ᠂ ᠡᠷᠢᠶᠡᠨ ᠬᠤᠲᠠ ᠶᠢᠨ | ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠲᠤᠰᠬᠠᠢ ᠲᠦᠷᠤᠯ ᠤᠨ | ᠲᠤᠰᠠᠯᠠᠮᠵᠢ ᠶᠢᠨ ᠪᠡᠯᠡ ᠮᠥᠩᠭᠦ ᠶᠢ ᠲᠣᠬᠢᠷᠠᠭᠤᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠭᠡᠷᠡᠭᠯᠡᠭᠦ᠂ ᠬᠢᠯᠢ ᠶᠢᠨ ᠪᠣᠭᠤᠮᠲᠠ ᠶᠢᠨ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ᠂ ᠰᠣᠯᠢᠵᠤ | ᠠᠴᠢᠶᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠭᠢᠭᠤᠯᠬᠤ᠃ ᠮᠠᠨᠵᠤᠤᠷ ᠤᠨ ᠵᠠᠰᠠᠮᠠᠯ ᠵᠠᠮ ᠤᠨ ᠬᠢᠯᠢ | ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠵᠠᠮ ᠱᠤᠭᠤᠮ ᠪᠠ ᠲᠠᠯᠠᠪᠤᠷ ᠤᠨ ᠲᠠᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠢ ᠴᠠᠭ ᠢ ᠠᠮᠵᠢᠨ ᠠᠬᠢᠭᠤᠯᠵᠤ᠂ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ | ᠪᠠᠶᠢᠴᠠᠭᠠᠯᠲᠠ ᠬᠢᠭᠡᠳ ᠣᠷᠣᠰ ᠤᠨ ᠲᠠᠯ᠎ᠠ ᠶᠢᠨ ︽6 ᠶᠢ ᠣᠷᠣᠭᠤᠯᠵᠤ 6 ᠶᠢ ᠭᠠᠷᠭᠠᠬᠤ︾ ᠵᠠᠮ ᠱᠤᠭᠤᠮ ᠢ | ᠰᠢᠨᠡᠳᠬᠡᠨ ᠵᠠᠰᠠᠬᠤ ᠶᠢ ᠲᠦᠷᠭᠡᠳᠭᠡᠭᠦ᠂ ᠮᠠᠨᠳᠤᠯ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠤᠨ ︽7 | ᠶᠢ ᠣᠷᠣᠭᠤᠯᠵᠤ 3 ᠶᠢ ᠭᠠᠷᠭᠠᠬᠤ︾ ᠶᠢ ᠲᠡᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠭᠢᠭᠤᠯᠬᠤ᠂ ᠪᠠᠶᠠᠨᠴᠡᠭᠡ ᠨᠡᠭᠦᠷᠡᠰᠦᠨ ᠤ ᠡᠨᠧᠷᠭᠢ ᠶᠢ ᠨᠥᠭᠡᠴᠡᠯᠡᠨ ᠲᠣᠬᠢᠷᠠᠭᠤᠯᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠵᠡᠭᠦᠨ ᠬᠠᠲᠠᠪᠴᠢ ᠬᠢᠯᠢ ᠶᠢᠨ ᠪᠣᠭᠤᠮᠲᠠ ᠶᠢᠨ ᠵᠠᠭᠤᠨ ᠲᠦᠮᠡᠨ ᠲᠣᠨ ᠤ | ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ ᠠᠪᠤᠭᠰᠠᠨ ᠠᠴᠠ ᠨᠢᠭᠡᠳᠦᠭᠡᠷ ᠤᠯᠠᠷᠢᠯ ᠳᠤ᠂ 3 ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ | ᠵᠢᠱᠢᠯᠲᠡ ᠪᠠᠷ 55.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.6% | ᠪᠠᠷ ᠨᠡᠮᠡᠭᠳᠡᠪᠡ᠃ | ᠪᠣᠭᠤᠮᠲᠠ ᠪᠠᠷ ᠥᠩᠭᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠯᠭᠠᠵᠤ ᠥᠩᠭᠡᠷᠡᠭᠦᠯᠬᠦ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠴᠠᠭ ᠢ ᠦᠷᠭᠦᠯᠵᠢᠯᠡᠨ | ᠪᠣᠭᠤᠨᠢᠰᠬᠠᠭᠰᠠᠨ ᠠᠴᠠ ᠨᠢᠭᠡᠳᠦᠭᠡᠷ ᠤᠯᠠᠷᠢᠯ ᠳᠤ᠂ ᠮᠠᠨᠵᠤᠤᠷ ᠤᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ | ᠥᠩᠭᠡᠷᠡᠭᠰᠡᠨ ᠪᠠᠷᠠᠭᠠᠨ ᠤ ᠬᠡᠮᠵᠢᠶ᠎ᠡ 56.92 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 25.3% ᠪᠠᠷ ᠨᠡᠮᠡᠭᠳᠡᠪᠡ᠃ ᠡᠷᠢᠶᠡᠨ ᠤ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ ᠥᠩᠭᠡᠷᠡᠭᠰᠡᠨ ᠠᠶᠠᠨᠴᠢᠳ ᠤᠨ | ᠵᠥᠭᠡᠭᠡᠪᠦᠷᠢ ᠶᠢᠨ ᠬᠡᠮᠵᠢᠶ᠎ᠡ ᠪᠠ ᠵᠠᠮ ᠬᠠᠷᠢᠯᠴᠠᠭᠠᠨ ᠤ ᠪᠠᠭᠠᠵᠢ ᠨᠢ ᠲᠣᠰ ᠲᠣᠰ 129.12 ᠲᠦᠮᠡᠨ ᠬᠥᠮᠥᠨ | ᠤᠳᠠᠭ᠎ᠠ᠂ 15.9 ᠲᠦᠮᠡᠨ ᠲᠡᠷᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 164.76% ᠪᠠ | 32.99% ᠪᠠᠷ ᠨᠡᠮᠡᠭᠳᠡᠪᠡ᠃ | | |