ᠮᠠᠨ ᠤ ᠣᠷᠣᠨ 7 ᠵᠦᠢᠯ ᠤᠨ ᠦᠢᠯᠡᠴᠢᠯᠡᠭᠡ ᠶᠢ ᠬᠡᠷᠡᠭᠵᠢᠭᠦᠯᠵᠦ ᠭᠤᠣᠯᠳᠠᠯᠭ᠎ᠠ ᠲᠠᠢ ᠬᠥᠮᠥᠰ ᠤᠨ ᠦᠢᠯᠡᠰ ᠪᠣᠰᠬᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/14
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠮᠠᠨ ᠤ ᠣᠷᠣᠨ ︽︿ᠦᠢᠯᠡᠰ ᠪᠣᠰᠬᠠᠵᠤ ᠤᠮᠠᠷᠠᠲᠤ ᠬᠢᠯᠢ ᠶᠢ ᠮᠠᠨᠳᠤᠭᠤᠯᠬᠤ﹀ ᠦᠢᠯᠡᠰ ᠪᠣᠰᠬᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠬᠥᠯᠥᠰᠦᠨ ᠮᠠᠯᠴᠢᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠰ ᠪᠣᠰᠬᠠᠬᠤ 7 ᠵᠦᠢᠯ ᠤᠨ ᠦᠢᠯᠡᠴᠢᠯᠡᠭᠡ ᠶᠢ ᠬᠡᠷᠡᠭᠵᠢᠭᠦᠯᠵᠦ᠂ ︽ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ ᠨᠠᠪᠴᠢᠭᠦᠯᠤᠯᠲᠠ᠂ ᠦᠢᠯᠡᠰ ᠪᠣᠰᠬᠠᠬᠤ ᠠᠵᠢᠯᠯᠠᠭ᠎ᠠ︾ ᠶᠢᠨ ᠬᠤᠯᠪᠤᠭᠠᠯᠠᠨ ᠬᠥᠳᠡᠯᠦᠯᠴᠡᠬᠦ ᠳᠡᠮᠵᠢᠯᠭᠡ ᠶᠢᠨ ᠰᠢᠰᠲ᠋ᠧᠮ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠨ᠂ ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ᠃ ᠳᠤᠰ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠡ᠃      ᠣᠶᠢᠯᠠᠭᠠᠭᠰᠠᠨ ᠢᠶᠠᠷ᠂ 7 ᠵᠦᠢᠯ ᠤᠨ ᠦᠢᠯᠡᠰ ᠪᠣᠰᠬᠠᠬᠤ ᠦᠢᠯᠡᠴᠢᠯᠡᠭᠡ ᠨᠢ ᠲᠣᠰ ᠲᠣᠰ ᠤᠬᠠᠭᠤᠯᠭ᠎ᠠ ᠶᠢᠨ ᠵᠢᠭᠰᠠᠭᠠᠯ ᠪᠠᠶᠢᠭᠤᠯᠬᠤ᠂ ᠦᠢᠯᠡᠰ ᠪᠣᠰᠬᠠᠬᠤ ᠶᠢ ᠵᠢᠯᠤᠭᠤᠳᠬᠤ ᠲᠤᠰᠬᠠᠢ ᠮᠡᠷᠭᠡᠵᠢᠯᠲᠡᠨ ᠠᠴᠠ ᠲᠣᠭᠤᠷᠢᠨ ᠵᠢᠯᠤᠭᠤᠳᠬᠤ᠂ ︽ᠢᠷᠡᠯᠲᠡ ᠰᠠᠶᠢᠨ ᠦᠢᠯᠡᠰ ᠪᠣᠰᠬᠠᠬᠤ︾ ᠡᠬᠢ ᠪᠠᠶᠠᠯᠢᠭ ᠢ ᠵᠣᠯᠭᠠᠭᠤᠯᠬᠤ᠂ ︽ᠵᠢᠭᠡᠯᠡᠯᠭᠡ ᠲᠠᠯᠪᠢᠵᠤ ᠦᠢᠯᠡᠰ ᠪᠣᠰᠬᠠᠬᠤ︾ ᠰᠢᠷᠢᠰ ᠠᠵᠢᠯᠯᠠᠭ᠎ᠠ᠂ ᠦᠢᠯᠡᠰ ᠪᠣᠰᠬᠠᠬᠤ ᠲᠥᠷᠥᠯ ᠵᠦᠢᠯ ᠤᠨ ᠦᠵᠡᠭᠦᠯᠭᠡ᠂ ᠦᠢᠯᠡᠰ ᠪᠣᠰᠬᠠᠬᠤ ᠯᠧᠺᠲ᠋ᠣᠷ ᠤᠨ ᠰᠣᠯᠢᠯᠴᠠᠭ᠎ᠠ᠂ ᠣᠷᠣᠨ ᠪᠦᠰᠡ ᠶᠢᠨ ᠦᠢᠯᠡᠰ ᠪᠣᠰᠬᠠᠬᠤ ᠬᠤᠯᠪᠤᠭ᠎ᠠ ᠶᠢ ᠴᠣᠭᠴᠠᠯᠠᠬᠤ ᠪᠣᠯᠣᠨ᠎ᠠ᠃ ᠪᠣᠳᠠᠲᠠᠢ ᠪᠠᠷ ᠬᠡᠯᠡᠪᠡᠯ᠂ ᠣᠬᠤᠷ ᠸᠢᠳᠢᠤ᠋᠂ ᠬᠠᠮ ᠵᠠᠭᠤᠴᠢᠯᠠᠭᠤᠷ ᠵᠡᠷᠭᠡ ᠰᠢᠨ᠎ᠡ ᠶᠢ ᠡᠭᠦᠳᠬᠦ ᠭᠡᠯᠪᠡᠷᠢ ᠶᠢ ᠠᠰᠢᠭᠯᠠᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠬᠦᠷᠭᠡᠵᠦ᠂ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ 12 ᠠᠶᠢᠮᠠᠭ ᠬᠤᠲᠠ ᠳᠤ ᠭᠦᠨᠵᠡᠭᠡᠶᠢᠷᠡᠨ ᠦᠢᠯᠡᠰ ᠪᠣᠰᠬᠠᠬᠤ ᠲᠤᠰᠬᠠᠢ ᠮᠡᠷᠭᠡᠵᠢᠯᠲᠡᠨ ᠢ ︽ᠨᠢᠭᠡ ᠶᠢ ᠨᠢᠭᠡ ᠳᠤ ᠬᠠᠨᠳᠤᠭᠤᠯᠤᠨ︾ ᠭᠦᠨᠵᠡᠭᠡᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠴᠢᠭᠯᠡᠯᠲᠡ ᠴᠢᠨᠠᠷᠲᠠᠢ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠨ᠎ᠠ᠃ ᠦᠢᠯᠡᠰ ᠪᠣᠰᠬᠠᠭᠴᠢᠳ ᠤᠨ ᠲᠠᠯᠠᠪᠤᠷ ᠭᠠᠵᠠᠷ᠂ ᠪᠡᠯᠡ ᠮᠥᠩᠭᠦ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠦᠢᠯᠡᠰ ᠪᠣᠰᠬᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠭᠢᠭᠤᠯᠤᠨ᠎ᠠ᠃ ᠵᠢᠭᠡᠯᠡᠯᠭᠡ ᠶᠢᠨ ᠪᠠᠷᠢᠮᠵᠢᠶ᠎ᠠ ᠶᠢ ᠪᠠᠭᠤᠷᠠᠭᠤᠯᠬᠤ᠂ ᠢᠲᠡᠭᠡᠮᠵᠢ ᠣᠯᠭᠤᠬᠤ ᠬᠡᠮᠵᠢᠶ᠎ᠡ ᠶᠢ ᠳᠡᠭᠡᠭᠰᠢᠯᠡᠭᠦᠯᠭᠦ᠂ ᠪᠠᠩᠬᠢ ᠬᠢᠭᠡᠳ ᠠᠵᠤ ᠠᠬᠤᠶᠢᠯᠠᠯ ᠢ ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠦᠢᠯᠡᠰ ᠪᠣᠰᠬᠠᠭᠴᠢᠳ ᠲᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ ᠲᠥᠷᠥᠯ ᠵᠦᠢᠯ ᠬᠢᠭᠡᠳ ᠪᠡᠯᠡ ᠬᠥᠷᠥᠩᠭᠡ᠂ ᠵᠠᠬ᠎ᠠ ᠳᠡᠯᠭᠡᠭᠦᠷ ᠤᠨ ᠭᠦᠨᠵᠡᠭᠡᠢ ᠪᠦᠲᠦᠮᠵᠢᠲᠡᠶ ᠵᠣᠯᠭᠠᠭᠤᠯᠤᠯᠳᠠ ᠶᠢ ᠠᠬᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠭᠢᠭᠤᠯᠤᠨ᠎ᠠ᠃ ᠵᠡᠭᠦᠨ ᠪᠠᠷᠠᠭᠤᠨ ᠣᠷᠣᠨ ᠳᠤ ᠦᠢᠯᠡᠰ ᠪᠣᠰᠬᠠᠬᠤ ᠯᠧᠺᠲ᠋ᠣᠷ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠲᠤᠰᠬᠠᠶᠢᠵᠢᠭᠰᠠᠨ᠂ ᠥᠨᠳᠥᠷ ᠬᠢᠷᠢ ᠬᠡᠮᠵᠢᠶ᠎ᠡ ᠲᠠᠢ ᠮᠢᠩᠭᠠᠨ ᠪᠠᠭᠰᠢ ᠶᠢᠨ ᠡᠩᠨᠡᠭᠡ ᠶᠢ ᠪᠤᠶᠢᠵᠢᠭᠤᠯᠤᠨ᠎ᠠ᠃ ᠡᠯ᠎ᠡ ᠭᠠᠵᠠᠷ ᠤᠨ ᠦᠢᠯᠡᠰ ᠪᠣᠰᠬᠠᠬᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ︽ᠨᠢᠭᠡ ᠭᠠᠵᠠᠷ ᠣᠷᠣᠨ ᠨᠢᠭᠡ ᠣᠨᠴᠠᠯᠢᠭ ᠲᠠᠢ︾ ᠦᠢᠯᠡᠰ ᠪᠣᠰᠬᠠᠬᠤ ᠲᠥᠷᠥᠯ ᠲᠡᠮᠳᠡᠭ ᠢ ᠪᠤᠶ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号