ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ | ᠤᠯᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ | 4 ᠰᠠᠷ᠎ᠠ ᠶᠢᠨ 17 ᠤ ᠡᠳᠦᠷ᠂ ᠦᠴᠦᠸᠠᠨ ᠰᠢᠶᠠᠨ ᠤ ᠳ᠋ᠦᠩ ᠭᠤᠸᠠᠨ ᠵᠢᠩ ᠨᠡᠶᠢᠭᠡᠮ ᠲᠣᠭᠤᠷᠢᠭ ᠤᠨ | ᠬᠤᠯᠪᠣᠭᠠᠲᠤ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠲᠠᠢ ᠬᠠᠮᠲᠤᠷᠠᠨ ︽ᠨᠠᠮ ᠤᠨ ᠪᠠᠶᠢᠭᠤᠯᠤᠯᠲᠠ ᠪᠠᠷ ᠵᠠᠯᠠᠭᠤ ᠨᠠᠰᠤᠨ ᠤ ᠬᠠᠮᠠᠭᠠᠯᠠᠯᠲᠠ ᠶᠢ ᠬᠥᠲᠥᠯᠥᠨ | ᠳᠠᠭᠠᠭᠤᠯᠵᠤ ᠬᠥᠬᠡᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠬᠠᠮᠲᠤ ᠪᠠᠷ | ᠪᠠᠶᠢᠭᠤᠯᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ | ᠰᠡᠷᠡᠮᠵᠢᠯᠡᠭᠦᠯᠬᠦ ᠬᠥᠮᠦᠵᠢᠯ ᠤᠨ ᠬᠠᠭᠤᠳᠠᠰᠤ᠂ ᠮᠡᠳᠡᠯᠭᠡ ᠶᠢᠨ ᠬᠢᠴᠢᠶᠡᠯ ᠤᠨ ᠬᠠᠭᠤᠳᠠᠰᠤ᠂ ᠪᠣᠳᠠᠲᠤ ᠪᠠᠶᠢᠯᠳᠤᠭᠠᠨ ᠤ | ᠰᠣᠷᠢᠯᠲᠠ ᠶᠢᠨ ᠬᠠᠭᠤᠳᠠᠰᠤ ᠪᠠ ᠳ᠋ᠦᠩᠨᠡᠨ ᠳᠡᠭᠡᠭᠰᠢᠯᠡᠭᠦᠯᠦᠭᠰᠡᠨ ᠬᠠᠭᠤᠳᠠᠰᠤ ᠵᠡᠷᠭᠡ ᠳᠥᠷᠪᠡᠨ ᠬᠠᠭᠤᠳᠠᠰᠤ ᠶᠢ | ᠬᠠᠮᠤᠷᠴᠤ᠂ ᠮᠠᠰᠢ ᠣᠯᠠᠨ ᠬᠥᠮᠥᠰ ᠤᠨ ᠠᠩᠬᠠᠷᠤᠯ ᠢ ᠲᠠᠲᠠᠵᠤ᠂ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠰᠡᠷᠡᠮᠵᠢᠯᠡᠭᠦᠯᠬᠦ ᠬᠥᠮᠦᠵᠢᠯ ᠤᠨ ᠬᠠᠭᠤᠳᠠᠰᠤ ᠨᠢ ᠠᠵᠢᠯᠯᠠᠭ᠎ᠠ ᠶᠢᠨ ᠬᠥᠰᠢᠭᠡ ᠶᠢ ᠰᠡᠬᠦᠵᠦ᠂ ᠲᠤᠬᠠᠢ ᠶᠢᠨ | ᠲᠠᠯᠠᠪᠤᠷ ᠲᠤ ᠣᠶᠢᠷ᠎ᠠ ᠶᠢᠨ ᠵᠢᠯ ᠤᠨ ᠲᠤᠷᠰᠢᠬᠢ ᠨᠡᠶᠢᠲᠡᠯᠢᠭ ᠭᠠᠯ ᠲᠦᠢᠮᠡᠷ ᠤᠨ ᠠᠳᠡᠯ ᠤᠨ ᠸᠢᠳᠢᠤ᠋ ᠶᠢ | ᠨᠠᠪᠲᠠᠷᠡᠭᠦᠯᠵᠦ᠂ ᠬᠥᠮᠥᠰ ᠢ ᠰᠣᠴᠢᠭᠠᠮ᠎ᠠ ᠵᠢᠷᠤᠭ ᠪᠣᠯᠣᠨ ᠭᠦᠨ ᠭᠦᠨᠵᠡᠭᠡᠢ ᠬᠡᠷᠡᠭ ᠤᠨ ᠵᠢᠱᠢᠶ᠎ᠡ ᠶᠢ ᠨᠠᠪᠲᠠᠷᠡᠭᠦᠯᠵᠦ᠂ | ᠲᠤᠬᠠᠢ ᠶᠢᠨ ᠲᠠᠯᠠᠪᠤᠷ ᠲᠤ ᠪᠠᠶᠢᠭ᠎ᠠ ᠬᠥᠮᠥᠰ ᠲᠤ ᠭᠠᠯ ᠤᠨᠲᠠᠷᠠᠭᠠᠬᠤ ᠠᠮᠤᠷ ᠲᠦᠪᠰᠢᠨ ᠪᠣᠯᠣᠨ ᠬᠥᠮᠥᠨ | ᠪᠦᠬᠦᠨ ᠲᠠᠢ ᠨᠢᠭᠲᠠ ᠬᠤᠯᠪᠣᠭ᠎ᠠ ᠲᠠᠢ᠂ ᠬᠤᠷᠣᠮᠬᠠᠨ ᠵᠠᠭᠤᠷ᠎ᠠ ᠴᠦ ᠭᠡᠰᠡᠨ ᠰᠣᠨᠣᠷ ᠰᠡᠷᠡᠮᠵᠢ ᠪᠠᠨ ᠰᠤᠯᠠᠷᠠᠭᠤᠯᠵᠤ | ᠪᠣᠯᠬᠤ ᠦᠭᠡᠢ ᠭᠡᠳᠡᠭ ᠢ ᠭᠦᠨᠵᠡᠭᠡᠢ ᠲᠠᠨᠢᠭᠤᠯᠪᠠ᠃ ᠮᠡᠳᠡᠯᠭᠡ ᠶᠢᠨ ᠬᠢᠴᠢᠶᠡᠯ ᠤᠨ ᠬᠠᠭᠤᠳᠠᠰᠤ ᠳᠤ ᠰᠢᠶᠠᠨ ᠤ ᠭᠠᠯ | ᠤᠨᠲᠠᠷᠠᠭᠠᠬᠤ ᠬᠠᠮᠢᠶ᠎ᠠ ᠪᠦᠬᠦᠢ ᠠᠵᠢᠯᠲᠠᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠭᠠᠯ ᠤᠨ ᠭᠠᠮᠰᠢᠭ ᠤᠨ | ᠡᠭᠦᠰᠦᠭᠰᠡᠨ ᠰᠢᠯᠲᠠᠭᠠᠨ᠂ ᠲᠥᠷᠥᠯ ᠬᠤᠪᠢᠶᠠᠬᠤ ᠠᠴᠠ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠬᠡᠷᠡᠭᠯᠡᠬᠦ ᠠᠷᠭ᠎ᠠ ᠬᠦᠷᠲᠡᠯ᠎ᠡ᠂ ᠳᠠᠬᠢᠨ ᠭᠠᠯ ᠤᠨ ᠠᠶᠤᠯ ᠡᠭᠦᠰᠬᠦ ᠦᠶ᠎ᠡ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠠ ᠠᠮᠢ ᠵᠢᠭᠤᠲᠠᠬᠤ ᠤᠷ᠎ᠠ ᠮᠡᠷᠭᠡᠵᠢᠯ ᠢ ᠲᠠᠷᠬᠠᠭᠠᠨ ᠥᠭᠴᠦ᠂ ᠨᠠᠷᠢᠨ ᠨᠢᠮᠪᠠᠢ ᠶᠠᠷᠢᠵᠤ᠂ | ᠰᠣᠨᠣᠰᠤᠭᠴᠢᠳ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠲᠡᠮᠳᠡᠭᠯᠡᠯ ᠬᠢᠨ᠎ᠡ᠃ ᠪᠣᠳᠠᠲᠤ ᠪᠠᠶᠢᠯᠳᠤᠭᠠᠨ ᠤ | ᠰᠣᠷᠢᠯᠲᠠ ᠶᠢᠨ ᠬᠠᠭᠤᠳᠠᠰᠤ ᠠᠵᠢᠯᠯᠠᠭ᠎ᠠ ᠶᠢ ᠣᠷᠭᠢᠯ ᠳᠤ ᠨᠢ ᠬᠦᠷᠭᠡᠵᠦ᠂ ᠲᠤᠰᠬᠠᠢ ᠮᠡᠷᠭᠡᠵᠢᠯ ᠤᠨ ᠠᠵᠢᠯᠲᠠᠨ ᠤ | ᠵᠢᠯᠣᠭᠤᠳᠤᠯᠭ᠎ᠠ ᠳᠣᠣᠷ᠎ᠠ᠂ ᠣᠷᠣᠯᠴᠠᠭᠴᠢ ᠬᠤᠶᠢᠨ᠎ᠠ ᠬᠤᠶᠢᠨ᠎ᠠ ᠠᠴᠠ ᠪᠠᠨ ᠭᠠᠯ ᠤᠨᠲᠠᠷᠠᠭᠠᠭᠤᠷ ᠢ ᠠᠳᠬᠤᠵᠤ᠂ | ᠰᠠᠶ᠋ᠢᠬᠠᠨ ᠰᠤᠷᠤᠭᠰᠠᠨ ︽ᠨᠢᠭᠡ ᠡᠷᠭᠦᠬᠦ᠂ ᠬᠤᠶᠠᠷ ᠲᠠᠲᠠᠬᠤ᠂ ᠭᠤᠷᠪᠠ ᠠᠳᠬᠤᠬᠤ᠂ ᠳᠥᠷᠪᠡ ᠳᠠᠷᠤᠬᠤ︾ ᠠᠯᠬᠤᠮ | ᠳᠠᠷᠠᠭ᠎ᠠ ᠪᠠᠷ᠂ ᠭᠠᠯ ᠤᠨ ᠡᠭᠦᠰᠦᠯ ᠤᠨ ᠦᠨᠳᠦᠰᠦ ᠶᠢᠨ ᠬᠡᠰᠡᠭ ᠲᠤ ᠭᠠᠯ ᠤᠨᠲᠠᠷᠠᠭᠠᠬᠤ ᠠᠵᠢᠯᠯᠠᠭ᠎ᠠ ᠬᠢᠵᠦ᠂ | ᠪᠦᠬᠦ᠋ᠢᠯᠡ ᠶᠠᠪᠤᠴᠠ ᠨᠢ ᠡᠮᠬᠢ ᠵᠢᠷᠤᠮ ᠲᠠᠢ ᠪᠠᠶᠢᠵᠤ᠂ ᠵᠢᠱᠢᠭᠰᠡᠨ ᠰᠣᠷᠢᠯᠲᠠ ᠶᠢᠨ ᠦᠷ᠎ᠡ ᠳ᠋ᠦᠩ ᠳᠤ ᠬᠦᠷᠴᠡᠢ᠃ | ᠲᠣᠰ ᠤᠳᠠᠭᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠭᠠᠯ | ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ | ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠤᠯᠠᠨ ᠢᠶᠠᠷ ᠢᠶᠠᠨ | ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ | ᠪᠣᠯᠭᠠᠨ ᠦᠢᠯᠡᠳᠦᠯᠭᠡᠵᠢᠭᠦᠯᠵᠦ᠂ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠣᠨ ᠬᠡᠪ ᠪᠣᠯᠪᠠᠰᠤᠷᠠᠯ ᠢᠶᠠᠨ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ | ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠢᠯᠡᠳᠬᠡᠵᠡᠭᠡᠪᠡ᠃ | ︵ᠦᠴᠦᠸᠠᠨ ᠰᠢᠶᠠᠨ ᠤ ᠬᠠᠮ ᠵᠠᠭᠤᠴᠢᠯᠠᠭᠤᠷ᠄ ᠯᠢᠦᠢ ᠫᠢᠩ ᠫᠢᠩ ᠵᠠᠩ ᠵᠠᠨ ᠹᠧᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |