ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/18
     4 ᠰᠠᠷ᠎ᠠ ᠶᠢᠨ 17 ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠱᠣᠤ ᠯᠢᠨ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ 2025 ᠣᠨ ᠤ ᠦᠴᠦᠸᠠᠨ ᠰᠢᠶᠠᠨ ᠢ ᠴᠡᠭ ᠲᠣᠭᠲᠠᠭᠠᠨ ᠬᠠᠪᠰᠤᠷᠤᠨ ᠲᠡᠳᠬᠦᠬᠦ ᠲᠥᠷᠥᠯ ᠵᠦᠢᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠴᠡᠭ ᠲᠣᠭᠲᠠᠭᠠᠨ ᠬᠠᠪᠰᠤᠷᠤᠨ ᠲᠡᠳᠬᠦᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠨᠡᠩ ᠴᠢᠩᠭ᠎ᠠ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠤᠨ ᠰᠢᠨ᠎ᠡ ᠦᠷ᠎ᠡ ᠪᠦᠲᠦᠮᠵᠢ᠂ ᠰᠢᠨ᠎ᠡ ᠰᠢᠪᠲᠤᠯᠤᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠦᠴᠦᠸᠠᠨ ᠤ ᠬᠠᠮ ᠵᠠᠭᠤᠴᠢᠯᠠᠭᠤᠷ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号