ᠠᠷᠠᠳ ᠣᠯᠠᠨ ᠤ ᠣᠷᠣᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠴᠡᠭᠡ ᠳᠤ | ᠵᠣᠬᠢᠴᠠᠭᠤᠯᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ 3 ᠰᠠᠷ᠎ᠠ ᠶᠢᠨ 31 ᠤ ᠡᠳᠦᠷ ᠤᠯᠤᠰ ᠤᠨ ᠪᠠᠷᠢᠮᠵᠢᠶ᠎ᠠ ᠪᠤᠯᠬᠤ ︽ᠣᠷᠣᠨ ᠰᠠᠭᠤᠴᠠ ᠶᠢᠨ ᠲᠦᠷᠦᠯ | ᠵᠦᠢᠯ ᠤᠨ ᠵᠢᠷᠤᠮᠵᠢᠯ︾ ᠢ ᠨᠡᠶᠢᠲᠡᠯᠡᠪᠡ᠃ ᠰᠢᠨ᠎ᠡ ᠵᠢᠷᠤᠮᠵᠢᠯ ᠨᠢ ᠣᠷᠣᠨ ᠰᠠᠭᠤᠴᠠ ᠶᠢᠨ ᠲᠥᠷᠥᠯ ᠵᠦᠢᠯ ᠤᠨ | ᠪᠦᠬᠦᠯᠢ ᠴᠣᠭᠴᠠ ᠪᠠᠷ ᠳ᠋ᠦᠢᠰᠢᠶᠠᠩ ᠪᠤᠯᠭᠠᠵᠤ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠳᠤᠯ ᠦᠭᠡᠢ᠂ | ᠣᠶᠤᠨᠴᠢ ᠪᠠᠷ ᠬᠠᠷᠠᠯᠲᠠ ᠪᠤᠯᠭᠠᠵᠤ᠂ ᠬᠡᠪᠴᠢᠶ᠎ᠡ᠂ ᠪᠠᠶᠢᠷᠢᠰᠢᠭᠤᠯᠤᠯᠲᠠ᠂ ᠴᠢᠳᠠᠮᠵᠢ᠂ ᠴᠢᠳᠠᠪᠬᠢ ᠪᠠ ᠵᠠᠩᠭᠢᠯᠠᠭ᠎ᠠ ᠶᠢᠨ | ᠮᠡᠷᠭᠡᠵᠢᠯ ᠤᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ᠂ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠬᠡᠷᠡᠭᠯᠡᠯᠲᠡ ᠪᠠ ᠬᠠᠮᠠᠭᠠᠯᠠᠯᠲᠠ ᠳᠤ ᠲᠣᠭᠲᠠᠭᠠᠯ ᠭᠠᠷᠭᠠᠪᠠ᠃ | ᠰᠢᠨ᠎ᠡ ᠵᠢᠷᠤᠮᠵᠢᠯ ᠳᠤ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠳᠠᠪᠬᠤᠷᠭ᠎ᠠ ᠶᠢᠨ ᠥᠨᠳᠥᠷ ᠢ 3 | ᠮᠧᠲᠷ ᠠᠴᠠ ᠳᠣᠣᠷ᠎ᠠ ᠪᠠᠶᠢᠯᠭᠠᠬᠤ ᠦᠭᠡᠢ᠂ 4 ᠳᠠᠪᠬᠤᠷᠭ᠎ᠠ ᠵᠢᠴᠢ 4 ᠳᠠᠪᠬᠤᠷᠭ᠎ᠠ ᠠᠴᠠ ᠳᠡᠭᠡᠭᠰᠢᠬᠢ ᠣᠷᠣᠨ | ᠰᠠᠭᠤᠴᠠ ᠳᠤ ᠴᠠᠭᠢᠯᠭᠠᠨ ᠱᠠᠲᠤ ᠲᠣᠬᠢᠷᠠᠭᠤᠯᠬᠤ ᠶᠢ ᠲᠣᠬᠲᠠᠭᠠᠪᠠ᠃ ᠬᠡᠷᠡᠮ ᠪᠠ ᠠᠰᠠᠷ ᠤᠨ ᠬᠠᠪᠲᠠᠰᠤ ᠶᠢᠨ ᠳᠠᠭᠤ | ᠬᠠᠯᠬᠠᠯᠠᠬᠤ ᠴᠢᠳᠠᠮᠵᠢ ᠶᠢ ᠳᠡᠭᠡᠭᠰᠢᠯᠡᠭᠦᠯᠪᠡ᠃ ᠭᠡᠷ ᠤᠨ ᠡᠭᠦᠳᠡ᠂ ᠵᠣᠷᠯᠣᠩ ᠤᠨ ᠡᠭᠦᠳᠡ ᠶᠢᠨ ᠨᠡᠪᠲᠡᠷᠡᠬᠦ ᠥᠷᠭᠡᠨ ᠤ | ᠬᠡᠮᠵᠢᠶ᠎ᠡ ᠶᠢ ᠳᠡᠭᠡᠭᠰᠢᠯᠡᠭᠦᠯᠪᠡ᠃ ᠨᠠᠷᠠᠪᠴᠢ ᠵᠡᠷᠭᠡ ᠬᠡᠢ ᠭᠠᠳᠠᠷᠭᠤ ᠶᠢᠨ ᠬᠡᠷᠡᠰᠬᠡ ᠶᠢᠨ ᠥᠨᠳᠥᠷ ᠤᠨ ᠬᠡᠮᠵᠢᠶ᠎ᠡ ᠶᠢ | ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠰᠢᠯᠵᠢᠭᠡ ᠮᠡᠳᠡᠭᠡ ᠬᠤᠯᠪᠣᠭᠠᠨ ᠤ ᠳᠣᠬᠢᠶ᠎ᠠ ᠶᠢ ᠣᠯᠠᠨ ᠨᠡᠶᠢᠲᠡ ᠶᠢᠨ | ᠣᠷᠣᠨ ᠵᠠᠢ ᠪᠠ ᠴᠠᠭᠢᠯᠭᠠᠨ ᠱᠠᠲᠤ ᠶᠢᠨ ᠳᠣᠲᠣᠷ᠎ᠠ ᠪᠦᠷᠬᠦᠭᠦᠯᠬᠦ ᠶᠢ ᠱᠠᠭᠠᠷᠳᠠᠪᠠ᠃ ᠠᠭᠠᠷ ᠲᠣᠬᠢᠷᠠᠭᠤᠯᠤᠭᠴᠢ ᠶᠢᠨ | ᠭᠡᠷ ᠤᠨ ᠭᠠᠳᠠᠨᠠᠬᠢ ᠮᠠᠰᠢᠨ ᠢ ᠲᠤᠰᠬᠠᠢ ᠲᠠᠪᠴᠠᠩ ᠳᠤ ᠤᠭᠰᠠᠷᠠᠬᠤ ᠶᠢ ᠱᠠᠭᠠᠷᠳᠠᠪᠠ᠃ ᠠᠳᠠᠯᠢ ᠪᠤᠰᠤ ᠠᠭᠤᠷ | ᠠᠮᠢᠰᠬᠤᠯ ᠤᠨ ᠣᠷᠣᠨ ᠤ ᠳᠤᠯᠠᠭᠠᠯᠠᠭ᠎ᠠ᠂ ᠠᠭᠠᠷ ᠲᠣᠬᠢᠷᠠᠭᠤᠯᠤᠭᠴᠢ ᠶᠢᠨ ᠲᠥᠬᠦᠭᠡᠷᠦᠮᠵᠢ ᠶᠢ ᠲᠣᠬᠢᠷᠠᠭᠤᠯᠬᠤ | ᠱᠠᠭᠠᠷᠳᠠᠯᠭ᠎ᠠ ᠶᠢ ᠲᠣᠭᠲᠠᠭᠠᠪᠠ᠃ ᠰᠢᠨ᠎ᠡ ᠵᠢᠷᠤᠮᠵᠢᠯ ᠢ ᠡᠨᠡ ᠵᠢᠯ ᠤᠨ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ | ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠲᠦᠷᠭᠡᠨ | ᠬᠥᠭᠵᠢᠯᠲᠡ ᠶᠢ ᠳᠠᠭᠠᠯᠳᠤᠨ᠂ ᠠᠷᠠᠳ ᠤᠨ ᠠᠮᠢᠳᠤᠷᠠᠯ ᠤᠨ ᠲᠦᠪᠰᠢᠨ ᠪᠠ ᠪᠠᠷᠢᠯᠭ᠎ᠠ ᠶᠢᠨ ᠮᠡᠷᠭᠡᠵᠢᠯ ᠤᠨ | ᠬᠥᠭᠵᠢᠯᠲᠡ ᠶᠢᠨ ᠲᠦᠪᠰᠢᠨ ᠴᠥᠮ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠵᠤ᠂ ᠣᠷᠣᠨ ᠰᠠᠭᠤᠴᠠ ᠶᠢᠨ ᠶᠠᠰᠤ | ᠴᠢᠨᠠᠷ ᠤᠨ ᠳᠡᠭᠡᠭᠰᠢᠯᠡᠯᠲᠡ ᠳᠤ ᠨᠠᠩ ᠥᠨᠳᠥᠷ ᠱᠠᠭᠠᠷᠳᠠᠯᠭ᠎ᠠ ᠲᠠᠢ ᠪᠣᠯᠪᠠ᠃ ᠰᠢᠨ᠎ᠡ ᠵᠢᠷᠤᠮᠵᠢᠯ ᠨᠢ ᠮᠠᠨ ᠤ | ᠤᠯᠤᠰ ᠤᠨ ᠣᠶᠢᠷ᠎ᠠ ᠶᠢᠨ ᠵᠢᠯ ᠤᠨ ᠲᠤᠷᠰᠢᠬᠢ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ | ᠰᠠᠭᠤᠴᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠥᠷᠭᠡᠨ ᠢᠶᠠᠷ | ᠰᠠᠨᠠᠯ ᠬᠤᠷᠢᠶᠠᠭᠰᠠᠨ ᠪᠠ ᠭᠦᠢᠴᠡᠳ ᠨᠤᠲᠠᠯᠠᠯᠲᠠ ᠬᠢᠬᠦ ᠪᠠᠷ ᠳᠡᠮᠵᠢᠨ᠂ ᠣᠷᠣᠨ ᠰᠠᠭᠤᠴᠠ ᠶᠢᠨ ᠲᠥᠷᠥᠯ ᠵᠦᠢᠯ ᠤᠨ | ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠳᠤᠷᠠᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠴᠢᠨᠠᠷ | ᠰᠠᠶᠢᠲᠠᠢ ᠬᠥᠭᠵᠢᠯᠲᠡ ᠶᠢ ᠨᠠᠩ ᠬᠦᠴᠦᠲᠡᠢ ᠲᠤᠯᠭᠠᠭᠤᠷᠢᠯᠠᠬᠤ ᠪᠣᠯᠣᠨ᠎ᠠ ᠭᠡᠵᠦ ᠬᠡᠯᠡᠪᠡ᠃ | | |