3 ᠰᠠᠷ᠎ᠠ ᠶᠢᠨ 29 ᠤ ᠡᠳᠦᠷ᠂ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠶᠠᠳᠤᠭᠠᠷ ᠪᠦᠯᠦᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ | ᠤᠷᠢᠨ ᠡᠯᠰᠡᠬᠦ ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠡᠬᠢᠯᠡᠪᠡ᠃ ᠲᠣᠰ ᠤᠳᠠᠭ᠎ᠠ ᠵᠠᠰᠠᠭ ᠤᠨ | ᠣᠷᠳᠣᠨ ᠤ ᠰᠢᠰᠲ᠋ᠧᠮ ᠤᠨ ᠠᠵᠢᠯ ᠦᠢᠯᠡᠰ ᠤᠨ ᠨᠢᠭᠡᠴᠢ 3942 ᠬᠥᠮᠥᠨ ᠡᠯᠰᠡᠬᠦ ᠪᠠᠷ ᠲᠥᠯᠥᠪᠯᠡᠵᠦ᠂ ᠰᠢᠯᠭᠠᠯᠲᠠ | ᠳᠤ ᠤᠷᠤᠯᠴᠠᠬᠰᠠᠨ ᠬᠥᠮᠥᠨ ᠤ ᠲᠤᠭ᠎ᠠ 140043 ᠳᠤ ᠬᠦᠷᠴᠦ᠂ ᠪᠦᠭᠦ ᠣᠷᠣᠨ ᠤ 12 ᠠᠶᠢᠮᠠᠭ ᠬᠤᠲᠠ ᠳᠤ | ᠨᠡᠶᠢᠲᠡ 136 ᠰᠢᠯᠭᠠᠯᠲᠠ ᠶᠢᠨ ᠴᠡᠭ᠂ 5465 ᠰᠢᠯᠭᠠᠯᠲᠠ ᠶᠢᠨ ᠲᠠᠯᠠᠪᠤᠷ ᠭᠠᠷᠭᠠᠪᠠ᠃ | ᠣᠶᠢᠯᠠᠭᠠᠭᠰᠠᠨ ᠢᠶᠠᠷ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠲᠤᠬᠠᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ᠲᠣᠰ ᠤᠳᠠᠭ᠎ᠠ ᠶᠢᠨ ᠤᠷᠢᠨ ᠡᠯᠰᠡᠬᠦ | ᠠᠵᠢᠯ ᠳᠤ︽ᠤᠷᠢᠳᠴᠢᠯᠠᠬᠤ + ᠳᠡᠭᠡᠭᠰᠢᠯᠡᠭᠦᠯᠭᠦ︾ ᠠᠷᠭ᠎ᠠ ᠬᠡᠮᠵᠢᠶ᠎ᠡ ᠶᠢ ᠪᠦᠲᠦᠭᠡᠯᠴᠢ ᠪᠠᠷ ᠬᠡᠷᠡᠭᠵᠢᠭᠦᠯᠵᠦ᠂ | ᠠᠵᠢᠯ ᠤᠨ ᠪᠠᠶᠢᠷᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠤᠨ ᠭᠠᠷᠭᠠᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠦᠭᠦ ᠬᠦᠴᠦᠨ ᠢᠶᠠᠷ ᠢᠶᠠᠨ | ᠠᠬᠢᠭᠤᠯᠪᠠ᠃ ᠨᠢᠭᠡ ᠲᠠᠯ᠎ᠠ ᠪᠠᠷ᠂ 2025 ᠣᠨ ᠤ ᠡᠴᠦᠰ ᠠᠴᠠ ᠡᠮᠦᠨ᠎ᠡ ᠠᠵᠢᠯ ᠠᠴᠠ ᠪᠠᠨ ᠠᠮᠠᠷᠠᠭᠰᠠᠨ ᠠᠵᠢᠯᠲᠠᠨ | ᠠᠵᠢᠯᠴᠢᠨ ᠤ ᠣᠷᠣᠨ ᠲᠤᠭ᠎ᠠ ᠶᠢ ᠤᠷᠢᠳᠴᠢᠯᠠᠨ ᠬᠡᠷᠡᠭᠯᠡᠵᠦ᠂ ᠳᠠᠯᠳᠠ ᠪᠠᠶᠢᠭ᠎ᠠ ᠠᠵᠢᠯ ᠤᠨ ᠪᠠᠶᠢᠷᠢ ᠶᠢᠨ ᠬᠤᠭᠤᠰᠤᠨ | ᠣᠷᠣ ᠶᠢ ᠤᠷᠢᠳᠴᠢᠯᠠᠨ ᠰᠤᠯᠠᠯᠠᠨ᠎ᠠ᠃ ᠨᠥᠭᠦᠭᠡ ᠲᠠᠯ᠎ᠠ ᠪᠠᠷ᠂ ᠠᠵᠢᠯ ᠦᠢᠯᠡᠰ ᠤᠨ ᠨᠢᠭᠡᠴᠢ ᠶᠢᠨ ᠣᠷᠣᠨ | ᠲᠤᠭ᠎ᠠ ᠶᠢᠨ ᠶᠡᠷᠦᠩᠬᠡᠢ ᠬᠡᠷᠡᠭᠯᠡᠭᠡᠨ ᠤ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠣᠷᠣᠨ ᠲᠤᠭ᠎ᠠ ᠨᠢᠭᠡᠪᠦᠷᠢ ᠶᠢᠨ | ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠨᠡᠷ᠎ᠡ ᠮᠡᠳᠡᠭᠦᠯᠬᠦ ᠨᠥᠬᠦᠴᠡᠯ ᠤᠨ ᠲᠠᠯ᠎ᠠ ᠳᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠡᠶᠢᠰᠢ ᠭᠦᠢᠴᠡᠳ ᠬᠡᠯᠪᠡᠶᠢᠯᠭᠡᠵᠦ᠂ ᠬᠠᠮᠢᠶ᠎ᠠ ᠪᠦᠬᠦᠢ ᠠᠵᠢᠯ ᠤᠨ ᠪᠠᠶᠢᠷᠢ | ᠶᠢᠨ ᠨᠡᠷ᠎ᠡ ᠮᠡᠳᠡᠭᠦᠯᠬᠦ ᠨᠥᠬᠦᠴᠡᠯ ᠢ ᠰᠢᠯᠢᠳᠡᠭᠵᠢᠭᠦᠯᠦᠨ᠂ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ︾ ᠤᠨ ᠪᠡᠶ᠎ᠡ | ᠭᠠᠷᠤᠯ ᠢ ᠴᠢᠩᠭ᠎ᠠ ᠮᠥᠷᠲᠡᠭᠡᠨ ᠣᠨᠣᠪᠴᠢᠲᠠᠢ ᠵᠠᠭᠠᠭᠯᠠᠨ ᠲᠣᠭᠲᠠᠭᠠᠵᠤ᠂ ᠠᠵᠢᠯ ᠣᠯᠭᠤᠬᠤ ᠵᠥᠪᠯᠡᠯᠴᠡᠭᠡᠷ ᠲᠣᠭᠲᠠᠬᠤ᠂ | ᠭᠦᠳᠡᠯᠮᠦᠷᠢ ᠶᠢᠨ ᠭᠡᠷ᠎ᠡ ᠲᠣᠭᠲᠠᠬᠤ ᠪᠤᠶᠤ ᠨᠡᠶᠢᠭᠡᠮ ᠤᠨ ᠪᠠᠲᠤᠯᠠᠭ᠎ᠠ ᠲᠤᠰᠢᠶᠠᠬᠤ ᠵᠡᠷᠭᠡ ᠬᠢᠵᠠᠭᠠᠷᠯᠠᠯ ᠤᠨ ᠴᠢᠨᠠᠷᠲᠠᠢ | ᠨᠥᠬᠦᠴᠡᠯ ᠲᠣᠭᠲᠠᠭᠠᠬᠤ ᠶᠢ ᠲᠡᠪᠴᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠵᠠᠮ ᠳᠠᠬᠢ | ᠬᠠᠷᠰᠢ ᠰᠠᠭᠠᠳ ᠢ ᠠᠷᠢᠯᠭᠠᠵᠠᠢ᠃ ᠵᠣᠬᠢᠶᠠᠨ ᠪᠠᠶᠢᠭᠤᠯᠬᠤ ᠶᠠᠪᠤᠴᠠ ᠳᠤ᠂ ᠪᠦᠭᠦ ᠣᠷᠣᠨ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ ᠬᠠᠮᠲᠤᠷᠠᠨ ᠰᠢᠯᠭᠠᠬᠤ | ᠦᠢᠯᠡᠴᠢᠯᠡᠭᠡ ᠶᠢ ᠨᠢᠭᠡᠳᠦᠯᠲᠡᠢ ᠬᠠᠩᠭᠠᠵᠤ᠂ ᠤᠷᠢᠨ ᠡᠯᠰᠡᠬᠦ ᠠᠵᠢᠯ ᠤᠨ ᠡᠷᠬᠡ ᠲᠡᠭᠰᠢ ᠲᠥᠪ ᠭᠤᠤᠯᠴᠢ᠂ ᠥᠨᠳᠥᠷ | ᠪᠦᠲᠦᠮᠵᠢᠲᠡᠶ ᠪᠥᠭᠡᠳ ᠥᠪᠡᠷ ᠤᠨ ᠥᠷᠲᠡᠭ ᠳᠣᠣᠷ᠎ᠠ ᠪᠠᠶᠢᠬᠤ ᠶᠢ ᠦᠨᠡᠨ ᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠬᠤᠶᠠᠳᠤᠭᠠᠷ ᠪᠦᠯᠦᠭ ᠤᠨ ᠵᠠᠰᠠᠭ ᠤᠨ ᠣᠷᠳᠣᠨ ᠤ | ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠡᠯᠰᠡᠬᠦ︽1+N︾ᠨᠥᠬᠦᠪᠦᠷᠢᠯᠡᠨ ᠡᠯᠰᠡᠬᠦ | ᠠᠵᠢᠯ ᠢ ᠥᠷᠨᠢᠭᠦᠯᠵᠦ᠂ ᠠᠩᠬ᠎ᠠ ᠤᠳᠠᠭ᠎ᠠ ᠶᠢᠨ ᠤᠷᠢᠨ ᠡᠯᠰᠡᠬᠦ ᠳᠤ ᠦᠯᠡᠳᠡᠭᠰᠡᠨ ᠲᠥᠯᠥᠪᠯᠡᠭᠡ ᠶᠢ ᠳᠠᠬᠢᠨᠲᠠ | ᠠᠰᠢᠭᠯᠠᠵᠤ᠂ ᠪᠦᠭᠦ ᠣᠷᠣᠨ ᠤ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠲᠣᠰ ᠤᠳᠠᠭ᠎ᠠ ᠶᠢᠨ ᠤᠷᠢᠨ | ᠡᠯᠰᠡᠬᠦ ᠠᠵᠢᠯ ᠨᠢ ᠥᠷᠭᠡᠨ ᠣᠯᠠᠨ ᠰᠢᠯᠭᠠᠭᠤᠯᠤᠭᠴᠢ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠬᠤ ᠰᠢᠨ᠎ᠡ ᠠᠵᠠ ᠲᠣᠭᠢᠶᠠᠯ ᠬᠠᠩᠭᠠᠵᠤ᠂ ᠮᠥᠨ ᠴᠦ ᠪᠦᠭᠦ ᠣᠷᠣᠨ ᠤ ᠠᠵᠢᠯ ᠦᠢᠯᠡᠰ ᠤᠨ ᠨᠢᠭᠡᠴᠢ ᠶᠢᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ | | |