ᠦᠴᠦᠸᠠᠨ ᠰᠢᠶᠠᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2025/4/3
     ᠣᠶ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ 12 ᠬᠠᠮᠢᠶ᠎ᠠ ᠪᠦᠬᠦᠢ ᠨᠢᠭᠡᠴᠢ ᠡᠯ ᠹᠧᠨ ᠽᠢ ᠰᠢᠶᠠᠩ ᠤᠨ ᠨᠠᠨ ᠸᠠᠨ ᠲᠣᠰᠬᠤᠨ ᠳᠤ 2025 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠰᠣᠷᠢᠯᠲᠠ ᠶᠢ ᠬᠠᠮᠲᠤᠷᠠᠨ ᠥᠷᠨᠢᠭᠦᠯᠪᠡ᠃
     ᠰᠣᠷᠢᠯᠲᠠ ᠶᠢᠨ ᠲᠤᠬᠠᠢ ᠶᠢᠨ ᠲᠠᠯᠠᠪᠤᠷ ᠲᠤ᠂ ᠣᠶ ᠰᠢᠭᠤᠢ ᠬᠠᠮᠠᠭᠠᠯᠠᠭᠴᠢ ᠭᠠᠯ ᠲᠦᠢᠮᠡᠷ ᠤᠨ ᠪᠠᠶᠢᠳᠠᠯ ᠳᠡᠯᠭᠡᠷᠡᠵᠦ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠪᠡ᠃ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠳᠲᠡᠷ ᠲᠦᠷᠭᠡᠨ ᠡᠬᠢᠯᠡᠭᠦᠯᠵᠦ᠂ ᠡᠯ᠎ᠡ ᠨᠢᠭᠡᠴᠢ ᠳᠤ ᠦᠳᠲᠡᠷ ᠲᠦᠷᠭᠡᠨ ᠴᠤᠭᠯᠠᠷᠠᠬᠤ ᠶᠢ ᠮᠡᠳᠡᠭᠳᠡᠪᠡ᠃ ᠪᠠᠴᠢᠮ ᠪᠠᠶᠢᠳᠠᠯ ᠢ ᠠᠷᠭᠠᠴᠠᠬᠤ ᠡᠩᠨᠡᠭᠡ ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠭᠡᠰᠢᠭᠦᠳ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠪᠠᠨ ᠠᠪᠴᠤ ᠭᠠᠯ ᠤᠨᠲᠠᠷᠠᠭᠠᠬᠤ ᠲᠠᠯᠠᠪᠠᠶ ᠳᠤ ᠬᠦᠷᠴᠦ᠂ ᠭᠠᠯ ᠤᠨᠲᠠᠷᠠᠭᠠᠬᠤ ᠪᠠ ᠭᠠᠯ ᠤᠨ ᠪᠠᠶᠢᠳᠠᠯ ᠢ ᠡᠵᠡᠮᠳᠡᠪᠡ᠃ ᠡᠨᠡ ᠬᠦ ᠬᠤᠭᠤᠴᠠᠭᠠᠨ ᠳᠤ ᠭᠠᠯ ᠤᠨᠲᠠᠷᠠᠭᠠᠬᠤ ᠳᠤᠭᠤᠶᠢᠯᠠᠩ ᠨᠢ ᠪᠦᠰᠡᠯᠡᠬᠦ ᠪᠠᠶᠢᠯᠳᠤᠬᠤ ᠠᠷᠭ᠎ᠠ ᠶᠢ ᠬᠡᠷᠡᠭᠯᠡᠵᠦ᠂ ᠣᠯᠠᠨ ᠰᠠᠯᠪᠤᠷᠢ ᠠᠩᠭᠢ ᠵᠣᠬᠢᠶᠠᠨ ᠪᠠᠶᠢᠭᠤᠯᠵᠤ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ ᠮᠠᠰᠢᠨ ᠢᠶᠠᠷ ᠢᠯᠡ ᠭᠠᠯ ᠢ ᠦᠯᠢᠶᠡᠵᠦ᠂ ᠭᠠᠯ ᠤᠨ ᠪᠠᠶᠢᠳᠠᠯ ᠢ ᠳᠠᠷᠤᠵᠤ᠂ ᠭᠠᠯ ᠤᠨᠲᠠᠷᠠᠭᠠᠬᠤ ᠤᠰᠤᠨ ᠫᠤᠤ ᠪᠠᠷ ᠭᠠᠯ ᠤᠨᠲᠠᠷᠭᠠᠬᠤ ᠱᠤᠭᠤᠮ ᠢ ᠳᠠᠬᠢᠨ ᠪᠠᠬᠢᠵᠢᠭᠦᠯᠵᠦ᠂ ᠳᠠᠬᠢᠨ ᠨᠣᠴᠣᠬᠤ ᠶᠢ ᠰᠡᠷᠭᠡᠶᠢᠯᠡᠪᠡ᠃ ᠪᠥᠬᠦ ᠶᠠᠪᠤᠴᠠ ᠳᠤ ᠵᠢᠯᠣᠭᠤᠴᠢ ᠦᠭᠡᠢ ᠨᠢᠰᠬᠡᠯ ᠢ ᠬᠡᠷᠡᠭᠯᠡᠨ ᠭᠠᠯ ᠲᠦᠢᠮᠡᠷ ᠤᠨ ᠪᠠᠶᠢᠳᠠᠯ ᠢ ᠪᠥᠬᠦ ᠲᠠᠯ᠎ᠠ ᠪᠠᠷ ᠲᠤᠷᠰᠢᠨ ᠪᠠᠶᠢᠴᠠᠭᠠᠵᠤ ᠬᠢᠨᠠᠨ ᠬᠡᠮᠵᠢᠵᠦ᠂ ᠴᠠᠭ ᠠᠭᠤᠷ ᠤᠨ ᠲᠣᠪᠴᠢᠶ᠎ᠠ ᠪᠣᠷᠣᠭᠠᠨ ᠨᠡᠮᠡᠭᠳᠡᠭᠦᠯᠬᠦ ᠰᠤᠮᠤ ᠬᠠᠷᠪᠤᠵᠤ᠂ ᠪᠠᠷᠤᠭ 30 ᠮᠢᠨᠦ᠋ᠲ ᠲᠤ ᠬᠠᠮᠵᠢᠯᠴᠠᠨ ᠪᠠᠶᠢᠯᠳᠤᠬᠤ ᠪᠠᠷ ᠳᠡᠮᠵᠢᠨ᠂ ᠢᠯᠡ ᠭᠠᠯ ᠢ ᠠᠮᠵᠢᠯᠲᠠ ᠲᠠᠢ ᠤᠨᠲᠠᠷᠠᠭᠠᠵᠤ᠂ ᠰᠣᠷᠢᠯᠲᠠ ᠶᠢᠨ ᠪᠥᠬᠦ ᠶᠠᠪᠤᠴᠠ ᠨᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ᠃      ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠰᠣᠷᠢᠯᠲᠠ ᠳᠤ ᠣᠷᠣᠯᠴᠠᠭᠰᠠᠨ ᠡᠯ᠎ᠡ ᠨᠢᠭᠡᠴᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠪᠠ ᠠᠷᠭᠠᠴᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠲᠥᠰᠥᠯ ᠤᠨ ᠪᠣᠯᠣᠮᠵᠢᠲᠤ ᠴᠢᠨᠠᠷ ᠪᠠ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠬᠤᠭᠤᠷᠣᠨᠳᠣᠬᠢ ᠵᠣᠬᠢᠴᠠᠭᠤᠯᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠪᠥᠬᠦ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ ︵ᠦᠴᠦᠸᠠᠨ ᠬᠠᠮ ᠵᠠᠭᠤᠴᠢᠯᠠᠭᠤᠷ᠄ ᠵᠠᠩ ᠸᠧᠨ ᠴᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号