ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠬᠠᠳᠠ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/3
     4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠬᠠᠳᠠ ᠬᠤᠷᠠᠯ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠭᠵᠢᠯᠲᠡ ᠪᠣᠯᠣᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠡᠭᠡᠯᠲᠡ ᠶᠢᠨ ᠤᠬᠠᠮᠰᠠᠷ ᠪᠣᠯᠣᠨ ᠰᠢᠨ᠎ᠡ ᠶᠢ ᠡᠭᠦᠳᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠦᠪᠡᠭᠴᠢᠯᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠩᠭᠡᠷᠡᠭᠰᠡᠨ ᠵᠢᠯ ᠤᠳ ᠠᠴᠠ ᠨᠠᠭᠠᠰᠢᠬᠢ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ᠂ ᠬᠢᠨᠠᠨ ᠪᠣᠳᠣᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ︽ᠡᠷᠭᠢᠨ ᠬᠠᠷᠠᠬᠤ︾ ᠠᠵᠢᠯ ᠢ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠦᠢᠯᠡᠳᠦᠯᠭᠡ ᠪᠠ ᠴᠠᠭ ᠤᠨ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ᠃ ᠡᠭᠦᠨ ᠤ ᠬᠠᠮᠲᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ᠃ ᠪᠦᠬᠦ ᠰᠢᠶᠠᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠭᠦᠨᠵᠡᠭᠡᠢ ᠵᠠᠳᠠᠯᠤᠨ ᠳ᠋ᠦᠩᠨᠡᠵᠦ᠂ ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠢ ᠶᠢ ᠠᠳᠬᠤᠬᠤ᠂ ᠲᠦᠷᠦᠯ ᠵᠦᠢᠯ ᠢ ᠠᠳᠬᠤᠬᠤ ᠤᠬᠠᠮᠰᠠᠷ ᠢᠶᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ  ᠳᠤᠨᠢ ᠲᠣᠬᠢᠷᠠᠭᠤᠯᠤᠨ ᠰᠤᠳᠤᠯᠤᠨ ᠰᠢᠢᠳᠪᠦᠷᠢᠯᠡᠵᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠬᠢᠯᠡᠭᠦᠯᠬᠦ ᠶᠣᠰᠣᠲᠠᠢ ᠶᠢ ᠨᠢ ᠪᠦᠬᠦᠨ ᠢ ᠡᠬᠢᠯᠡᠭᠦᠯᠵᠦ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠪᠦᠬᠦᠨ ᠢ ᠠᠵᠢᠯ ᠢᠶᠠᠨ ᠰᠡᠷᠭᠦᠭᠡᠬᠦ ᠶᠢ ᠪᠠᠲᠤᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠦᠴᠦᠸᠠᠨ ᠤ ᠬᠠᠮ ᠵᠠᠭᠤᠴᠢᠯᠠᠭᠤᠷ᠄ ᠵᠤᠤ ᠯᠢᠩ ᠾᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号