ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ︽ᠪᠦᠭᠦ ᠣᠷᠣᠨ ᠤ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠨᠠᠭᠰᠢᠳᠠ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠰᠠᠨᠠᠯ︾ ᠨᠢ ᠤᠯᠤᠰ | ᠲᠥᠷᠥ ᠪᠠᠷ ᠬᠥᠲᠥᠯᠥᠨ ᠳᠠᠭᠠᠭᠤᠯᠬᠤ᠂ ᠠᠳᠠᠯᠢ ᠲᠡᠭᠰᠢ ᠪᠠᠷ ᠨᠡᠶᠢᠳᠡᠮ ᠠᠰᠢᠭ ᠬᠦᠷᠲᠡᠭᠡᠬᠦ᠂ ᠴᠢᠳᠠᠪᠤᠷᠢ ᠶᠢᠨ | ᠪᠠᠶᠢᠭᠤᠯᠤᠯᠲᠠ᠂ ᠵᠥᠷᠢᠴᠡᠯ ᠢ ᠨᠠᠮᠳᠠᠭᠤᠯᠬᠤ᠂ ᠨᠠᠷᠢᠯᠢᠭ ᠣᠨᠣᠴᠠᠲᠠᠢ ᠪᠠᠷ ᠬᠠᠤᠯᠢ ᠲᠦᠭᠡᠮᠡᠯᠵᠢᠭᠦᠯᠬᠦ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠵᠡᠷᠭᠡ ᠭᠤᠣᠯ ᠡᠭᠦᠷᠭᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠠᠵᠢᠯᠯᠠᠭ᠎ᠠ︾ ᠳᠤ ᠦᠢᠯᠡᠴᠢᠯᠡᠵᠦ᠂ ᠬᠤᠲᠠ ᠬᠥᠳᠡᠭᠡ ᠶᠢ ᠬᠠᠮᠤᠷᠤᠭᠰᠠᠨ ᠣᠲᠣ ᠦᠶ᠎ᠡ ᠶᠢᠨ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠪᠦᠷᠢᠨᠰᠢᠭᠦᠯᠦᠨ᠎ᠡ᠃ | ᠤᠯᠠᠨ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ︽ᠰᠠᠨᠠᠯ︾ ᠳᠤ ᠡᠯ᠎ᠡ ᠱᠠᠲᠤᠨ ᠤ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ︵ᠠᠵᠢᠯᠯᠠᠬᠤ ᠥᠷᠲᠡᠭᠡ︶ ᠤᠨ ᠲᠤᠰᠬᠠᠢ | ᠮᠡᠷᠭᠡᠵᠢᠯ ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠵᠤ᠂ ︽12348︾ ᠬᠠᠯᠠᠮᠰᠢᠯ ᠤᠲᠠᠰᠤ ᠪᠠ ︽12345︾ | ᠵᠡᠷᠭᠡ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠰᠢᠯᠵᠢᠭᠦᠯᠦᠨ ᠵᠠᠯᠭᠠᠵᠤ ᠬᠤᠯᠪᠤᠭᠠᠯᠠᠨ ᠬᠥᠳᠡᠯᠦᠯᠴᠡᠬᠦ ᠶᠢ | ᠭᠦᠨᠵᠡᠭᠡᠶᠢᠷᠡᠭᠦᠯᠦᠨ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠦᠯᠵᠢᠶ᠎ᠡ ᠶᠢᠨ ᠪᠠᠶᠢᠴᠠᠭᠠᠨ | ᠯᠠᠪᠯᠠᠬᠤ᠂ ᠠᠵᠢᠯ ᠶᠠᠪᠤᠳᠠᠯ ᠭᠦᠢᠴᠡᠳᠬᠡᠬᠦ ᠴᠢᠳᠠᠮᠵᠢ ᠶᠢ ᠴᠢᠩᠭᠠᠳᠬᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠭᠤᠷᠪᠠᠨ ᠶᠡᠭᠡ ᠲᠠᠪᠴᠠᠩ ᠤᠨ ᠬᠤᠭᠤᠷᠣᠨᠳᠣᠭᠢ ᠪᠦᠲᠦᠮᠵᠢᠲᠡᠶ ᠡᠷᠭᠢᠯᠲᠡ ᠶᠢ ᠠᠬᠢᠭᠤᠯᠵᠤ᠂︽30 | ᠮᠢᠨᠦ᠋ᠲ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠤᠷᠢᠭ︾ ᠢ ᠪᠦᠭᠦ ᠬᠦᠴᠦ ᠪᠠᠷ ᠢᠶᠠᠨ | ᠴᠣᠭᠴᠠᠯᠠᠨ᠎ᠠ᠃ ᠬᠤᠳᠠ ᠳᠤ ᠣᠷᠣᠵᠤ ᠠᠵᠢᠯ ᠭᠦᠳᠡᠯᠮᠦᠷᠢ ᠬᠢᠵᠦ ᠪᠠᠶᠢᠭ᠎ᠠ ᠬᠥᠮᠥᠰ᠂ ᠵᠡᠮᠳᠡᠭᠴᠦᠳ᠂ ᠨᠠᠰᠤᠲᠠᠶᠢᠴᠤᠳ᠂ | ᠵᠠᠯᠠᠭᠤᠴᠤᠳ ᠪᠠᠭᠠᠴᠤᠳ᠂ ᠡᠮᠡᠭᠲᠡᠶᠢᠴᠦᠳ ᠵᠢᠴᠢ ᠴᠡᠷᠢᠭ ᠬᠥᠮᠥᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠪᠦᠯᠭᠦᠮ ᠨᠡᠶᠢᠲᠡ ᠳᠤ ᠴᠢᠭᠯᠡᠭᠦᠯᠦᠨ ᠨᠠᠷᠢᠯᠢᠭ ᠣᠨᠣᠴᠠᠲᠠᠢ ᠬᠠᠤᠯᠢ | ᠴᠠᠭᠠᠵᠠ ᠶᠢᠨ ᠦᠢᠯᠡᠴᠢᠯᠡᠭᠡ ᠶᠢ ᠲᠦᠷᠦᠯ ᠬᠤᠪᠢᠶᠠᠨ ᠬᠠᠩᠭᠠᠵᠤ᠂ ᠬᠠᠤᠯᠢᠴᠢ ᠶᠢᠨ ᠨᠡᠶᠢᠲᠡ ᠶᠢᠨ ᠠᠰᠠᠷᠠᠮᠵᠢ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠳᠤ ᠣᠷᠤᠯᠴᠠᠬᠤ ᠶᠢ ᠳᠠᠩᠰᠠᠯᠠᠬᠤ ᠳᠦᠷᠢᠮ ᠢ ᠪᠠᠶᠢᠭᠤᠯᠵᠤ᠂ ︽ᠰᠠᠨᠠᠭ᠎ᠠ ᠠᠮᠤᠷ | ᠠᠵᠢᠯᠯᠠᠬᠤ︾᠂ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾᠂ ︽ᠠᠶᠢᠮᠠᠭ ︵ᠬᠤᠳᠠ︶ ᠤᠨ ᠣᠷᠣᠨ ᠪᠦᠰᠡ ᠳᠤ | ᠨᠡᠶᠢᠳᠡᠮ ᠭᠦᠢᠴᠡᠳᠬᠡᠬᠦ︾᠂︽ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ᠵᠡᠷᠭᠡ ᠬᠠᠤᠯᠢ ᠴᠠᠭᠠᠵᠠ ᠶᠢᠨ | ᠲᠤᠰᠠᠯᠠᠮᠵᠢ ᠶᠢᠨ ᠦᠢᠯᠡᠴᠢᠯᠡᠭᠡ ᠶᠢ ᠥᠷᠨᠢᠭᠦᠯᠦᠨ᠎ᠡ ᠭᠡᠵᠦ ᠳᠤᠷᠠᠳᠤᠨ ᠭᠠᠷᠭᠠᠪᠠ᠃ | ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠦᠨ ︽ᠰᠠᠨᠠᠯ︾ ᠳᠤ | ︽ᠲᠦᠮᠡᠨ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠲᠦᠮᠡᠨ ᠨᠡᠶᠢᠭᠡᠮᠯᠢᠭ ᠲᠠᠢ ᠬᠤᠯᠪᠣᠭᠠᠯᠠᠬᠤ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠲᠠᠢ ᠬᠤᠯᠪᠤᠭᠠᠯᠠᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠦᠢᠯᠡᠴᠢᠯᠡᠭᠡ ᠶᠢ ᠵᠣᠯᠭᠠᠭᠤᠯᠬᠤ | ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ ︽ᠠᠯᠪᠠᠨ ᠭᠡᠷᠡᠴᠢᠯᠡᠭᠡ ᠶᠢᠨ ᠵᠢᠷᠤᠮᠵᠢᠯ ᠲᠠᠢ ᠴᠢᠨᠠᠷ ᠰᠠᠶᠢᠲᠠᠢ︾ | ᠠᠵᠢᠯᠯᠠᠭ᠎ᠠ ᠶᠢ ᠠᠬᠢᠭᠤᠯᠬᠤ ᠵᠡᠷᠭᠡ ᠤᠯᠠᠨ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠴᠤ᠂ ᠠᠵᠤ | ᠠᠬᠤᠶᠢᠯᠠᠯ ᠳᠤ ᠤᠨᠢᠨ ᠳᠡᠭᠡᠷ᠎ᠡ ᠨᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠠᠯᠪᠠᠨ | ᠭᠡᠷᠡᠴᠢᠯᠡᠭᠡ ᠶᠢᠨ︽ᠦᠨᠡᠮᠯᠡᠯ ᠢ ᠪᠠᠭᠠᠰᠬᠠᠨ ᠠᠷᠠᠳ ᠲᠤ ᠲᠥᠭᠦᠮ ᠦᠵᠡᠭᠦᠯᠦᠨ ᠬᠤᠷᠳᠤᠴᠠ ᠶᠢ ᠳᠡᠭᠡᠭᠰᠢᠯᠡᠭᠦᠯᠭᠦ︾ | ᠶᠢ ᠭᠦᠨᠵᠡᠭᠡᠢ ᠠᠬᠢᠭᠤᠯᠵᠤ᠂ ᠠᠶᠢᠮᠠᠭ ᠬᠤᠲᠠ ᠶᠢᠨ ᠭᠤᠣᠯ ᠬᠤᠲᠠ ᠲᠣᠭᠤᠷᠢᠭ ᠤᠨ ᠠᠯᠪᠠᠨ ᠭᠡᠷᠡᠴᠢᠯᠡᠭᠡ ᠶᠢᠨ | ᠪᠠᠶᠢᠭᠤᠯᠤᠮᠵᠢ ᠨᠢ ᠪᠦᠭᠦᠨ ᠢᠶᠠᠷ ᠢᠶᠠᠨ ᠣᠷᠭᠢᠯ ᠦᠶ᠎ᠡ ᠶᠢ ᠵᠥᠷᠢᠭᠦᠯᠦᠨ ᠨᠡᠮᠡᠭᠦᠷᠢ ᠦᠢᠯᠡᠴᠢᠯᠡᠭᠡ᠂ ᠤᠷᠢᠳᠴᠢᠯᠠᠨ | ᠪᠣᠯᠵᠣᠬᠤ ᠦᠢᠯᠡᠴᠢᠯᠡᠭᠡ ᠪᠠ ᠪᠠᠴᠢᠮ ᠲᠦᠷᠭᠡᠨ ᠲᠤᠬᠠᠢ ᠶᠢᠨ ᠴᠠᠭ ᠤᠨ ᠦᠢᠯᠡᠴᠢᠯᠡᠭᠡ ᠶᠢ ᠥᠷᠨᠢᠭᠦᠯᠵᠦ᠂ ︽ᠮᠥᠩᠭᠦᠨ | ᠭᠦᠢᠯᠭᠡᠭᠡᠨ ᠤ ᠵᠠᠭᠤᠷᠠᠯᠳᠤᠭᠠᠨ ᠢ ᠨᠠᠮᠳᠠᠭᠤᠯᠬᠤ + ᠠᠯᠪᠠᠨ ᠭᠡᠷᠡᠴᠢᠯᠡᠭᠡ ᠬᠢᠬᠦ︾ ᠵᠠᠭᠪᠤᠷ ᠢ ᠬᠡᠷᠡᠭᠵᠢᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ | ᠬᠠᠮᠢᠶᠠᠷᠤᠯᠲᠠ ᠶᠢᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠵᠥᠷᠢᠴᠡᠯ ᠵᠠᠭᠤᠷᠠᠯᠳᠤᠭᠠᠨ ᠢ | ᠰᠢᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ︽ᠭᠤᠷᠪᠠ ᠶᠢ | ᠲᠣᠬᠢᠷᠠᠭᠤᠯᠤᠨ ᠬᠤᠯᠪᠣᠯᠳᠤᠭᠤᠯᠬᠤ︾ ᠠᠵᠢᠯ ᠤᠨ ᠪᠠᠶᠢᠷᠢᠰᠢᠯ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ | ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ | ᠬᠠᠮᠠᠭᠠᠯᠠᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠬᠥᠨᠳᠡᠯᠡᠨ ᠠᠴᠠ | ᠲᠠᠰᠤᠯᠬᠤ ᠠᠵᠢᠯ ᠲᠥᠷᠥᠯ ᠤᠨ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠺᠤᠮᠫᠠᠨᠢ ᠶᠢᠨ ᠬᠠᠤᠯᠢᠴᠢ ᠶᠢᠨ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠵᠦ᠂ ᠠᠯᠪᠠᠨ ᠭᠡᠷᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ︽ᠠᠯᠪᠠᠨ ᠭᠡᠷᠡᠴᠢᠯᠡᠭᠡ + | ᠺᠤᠨᠰᠦ᠋ᠯ ᠤᠨ ᠭᠡᠷᠡᠴᠢᠯᠡᠯ ︵ᠨᠡᠮᠡᠯᠲᠡ ᠭᠡᠷᠡᠴᠢ ᠪᠢᠴᠢᠭ︶︾᠂ ︽ᠠᠯᠪᠠᠨ ᠭᠡᠷᠡᠴᠢᠯᠡᠭᠡ + ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ︾ ᠶᠢᠨ ᠨᠢᠭᠡ ᠬᠡᠷᠡᠭ ᠢ ᠨᠢᠭᠡ ᠯᠡ ᠦᠷᠳᠡᠭᠡ ᠳᠤ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ | ᠥᠨᠳᠥᠷ ᠬᠢᠷᠢ ᠭᠡᠮ ᠲᠠᠢ ᠥᠨᠳᠥᠷ ᠲᠦᠪᠰᠢᠨ ᠲᠠᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ | ᠪᠠᠶᠢᠭᠤᠯᠤᠮᠵᠢ ᠶᠢ ᠪᠠᠶᠢᠭᠤᠯᠵᠤ᠂ ᠬᠥᠨᠳᠡᠯᠡᠨ ᠠᠴᠠ ᠲᠠᠰᠤᠯᠬᠤ ᠵᠥᠪᠯᠡᠯ ᠤᠨ ᠳᠣᠲᠣᠭᠠᠳᠤ ᠶᠢᠨ ᠵᠠᠰᠠᠯᠲᠠ ᠶᠢᠨ | ᠪᠦᠲᠦᠴᠡ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ ᠳᠤᠷᠠᠳᠤᠨ | ᠭᠠᠷᠭᠠᠪᠠ᠃ | | |