ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ︽ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ | ᠪᠦᠷᠢᠨᠰᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ | ᠰᠠᠨᠠᠯ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠤᠶ︖ ᠬᠡᠷᠬᠢᠨ ᠡᠯ᠎ᠡ ᠲᠦᠷᠦᠯ ᠤᠨ ᠭᠤᠣᠯ ᠴᠣᠭᠴᠠ ᠶᠢ | ᠬᠠᠮᠤᠷᠤᠭᠰᠠᠨ᠂ ᠳᠦᠷᠢᠮ ᠲᠣᠭᠲᠠᠭᠠᠯ ᠢ ᠨᠢᠭᠡᠳᠬᠡᠭᠰᠡᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ | ᠬᠡᠷᠡᠭᠯᠡᠬᠦ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠪᠤᠢ︖ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠣᠨᠢᠨ ᠮᠡᠳᠡᠭᠡᠨ ᠤ ᠠᠯᠪᠠᠨ ᠭᠡᠷ ᠤᠨ 4 ᠰᠠᠷ᠎ᠠ ᠶᠢᠨ 2 ᠤᠨ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠷᠢᠭᠤᠯᠲᠠ ᠥᠭᠪᠡ᠃ | | ᠢᠲᠡᠭᠡᠮᠵᠢ ᠶᠢᠨ ᠮᠡᠳᠡᠭᠡ ᠵᠠᠩᠭᠢ ᠶᠢ ᠰᠠᠶᠢᠲᠤᠷ ᠬᠡᠷᠡᠭᠯᠡᠵᠦ᠂ ᠣᠨᠣᠪᠴᠢᠲᠠᠶ ᠬᠡᠷᠡᠭᠯᠡᠵᠦ᠂ ᠪᠣᠳᠠᠲᠠᠢ ᠬᠡᠷᠡᠭᠯᠡᠨ᠎ᠡ | ᠢᠲᠡᠭᠡᠮᠵᠢ ᠶᠢᠨ ᠮᠡᠳᠡᠭᠡ ᠵᠠᠩᠭᠢ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ | ᠠᠵᠢᠯ ᠤᠨ ᠰᠠᠭᠤᠷᠢ ᠪᠣᠯᠣᠨ᠎ᠠ᠃ ᠢᠲᠡᠭᠡᠮᠵᠢ ᠨᠢ ᠦᠢᠯᠡᠳᠦᠯ ᠢᠶᠠᠨ ᠪᠠᠳᠠᠷᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ | ᠨᠢ ᠢᠲᠡᠭᠡᠮᠵᠢ ᠶᠢᠨ ᠮᠡᠳᠡᠭᠡ ᠵᠠᠩᠭᠢ ᠶᠢ ᠰᠠᠶᠢᠲᠤᠷ ᠬᠡᠷᠡᠭᠯᠡᠵᠦ᠂ ᠣᠨᠣᠪᠴᠢᠲᠠᠢ ᠬᠡᠷᠡᠭᠯᠡᠵᠦ᠂ ᠲᠤᠭᠤᠰᠢᠲᠠᠢ ᠬᠡᠷᠡᠭᠯᠡᠵᠦ | ᠴᠢᠳᠠᠬᠤ ᠡᠰᠡᠬᠦ ᠳᠤ ᠪᠤᠢ᠃ | ︽ᠵᠠᠷᠢᠮ ᠬᠡᠷᠡᠭᠯᠡᠭᠡᠨ ᠤ ᠥᠷᠲᠡᠭ ᠢᠶᠠᠷ ᠨᠡᠯᠢᠶᠡᠳ ᠥᠨᠳᠥᠷ ᠳ᠋ᠠᠶᠢᠲ᠋ᠠ ᠳᠤ᠂ ᠳᠠᠭᠢᠨ ᠳᠠᠪᠲᠠᠨ ᠴᠤᠭᠯᠠᠭᠤᠯᠤᠨ | ᠨᠡᠶᠢᠯᠡᠭᠦᠯᠬᠦ ᠠᠰᠠᠭᠤᠳᠠᠯ ᠪᠠᠶᠢᠨ ᠳᠠᠭᠢᠨ ᠭᠠᠷᠴᠤ᠂ ᠶᠡᠭᠡ ᠬᠡᠮᠵᠢᠶᠡᠨ ᠤ ᠡᠬᠢ ᠪᠠᠶᠠᠯᠢᠭ ᠢ ᠪᠦᠷᠢᠯᠭᠡᠨ ᠰᠦᠢᠳᠬᠡᠵᠦ᠂ | ᠦᠷ᠎ᠡ ᠪᠦᠲᠦᠮᠵᠢ ᠶᠢ ᠪᠠᠭᠤᠷᠠᠭᠤᠯᠵᠤ᠂ ᠪᠠᠰᠠ ᠳ᠋ᠠᠶᠢᠲ᠋ᠠ ᠶᠢᠨ ᠪᠥᠭᠡᠭᠡᠨᠡᠷᠡᠯ ᠤᠨ ᠦᠢᠯᠡᠳᠦᠯ ᠢ ᠪᠠᠳᠠᠷᠠᠭᠤᠯᠬᠤ ᠶᠢ | ᠨᠥᠯᠥᠭᠡᠯᠡᠬᠦ ᠪᠣᠯᠣᠨ᠎ᠠ︾᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ | ᠯᠢ ᠴᠦᠨ ᠯᠢᠨ᠂ ᠡᠨᠡ ᠬᠦ ᠠᠰᠠᠭᠤᠳᠠᠯ ᠳᠤ ᠴᠢᠭᠯᠡᠭᠦᠯᠦᠨ᠂ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ | ︽ᠶᠡᠷᠦᠩᠬᠡᠢ ᠬᠦᠢᠰᠦ︾ ᠶᠢᠨ ᠴᠢᠳᠠᠮᠵᠢ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ | ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠦᠪᠰᠢᠨ ᠢ ᠳᠡᠭᠡᠭᠰᠢᠯᠡᠭᠦᠯᠦᠨ᠎ᠡ ᠭᠡᠵᠦ ᠲᠠᠨᠢᠯᠴᠠᠭᠤᠯᠪᠠ᠃ | ᠳ᠋ᠠᠶᠢᠲ᠋ᠠ ᠶᠢᠨ ᠵᠠᠰᠠᠯᠲᠠ ᠶᠢᠨ ᠲᠠᠯ᠎ᠠ ᠪᠠᠷ᠂ ᠯᠢ ᠴᠦᠨ ᠯᠢᠨ᠂ ᠳ᠋ᠠᠶᠢᠲ᠋ᠠ ᠶᠢᠨ ᠡᠬᠢ ᠡᠭᠦᠰᠦᠯ ᠠᠴᠠ ᠨᠢ | ᠵᠠᠰᠠᠬᠤ ᠶᠢ ᠬᠦᠴᠦᠯᠡᠨ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠠᠳᠠᠯᠢ ᠪᠤᠰᠤ ᠳ᠋ᠠᠶᠢᠲ᠋ᠠ ᠶᠢᠨ ᠭᠤᠣᠯ ᠰᠡᠳᠦᠪᠲᠦ ᠬᠥᠮᠥᠷᠭᠡ ᠶᠢ ᠪᠠᠶᠢᠭᠤᠯᠵᠤ᠂ ᠠᠳᠠᠯᠢ ᠪᠤᠰᠤ | ᠬᠡᠷᠡᠭᠴᠡᠭᠡ ᠶᠢ ᠣᠨᠣᠪᠴᠢᠲᠠᠶ ᠬᠠᠩᠭᠠᠵᠤ᠂ ᠳ᠋ᠠᠶᠢᠲ᠋ᠠ ᠶᠢ ᠬᠡᠷᠡᠭᠯᠡᠬᠦ ᠳᠤ ᠲᠥᠭᠦᠮ ᠦᠵᠡᠭᠦᠯᠦᠨ᠎ᠡ ᠭᠡᠵᠦ ᠢᠯᠡᠳᠬᠡᠪᠡ᠃ | ᠳ᠋ᠠᠶᠢᠲ᠋ᠠ ᠡᠷᠭᠢᠯᠳᠦᠪᠡᠯ ᠰᠠᠶ᠋ᠢ ᠳ᠋ᠠᠶᠢᠲ᠋ᠠ ᠶᠢᠨ ᠡᠯᠧᠮᠧᠨ᠋ᠲ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠤ ᠴᠢᠳᠠᠨ᠎ᠠ᠃ ᠳ᠋ᠠᠶᠢᠲ᠋ᠠ ᠶᠢᠨ ᠨᠡᠭᠡᠭᠡᠯᠲᠡ ᠭᠦᠢᠯᠭᠡᠭᠡ ᠶᠢ ᠡᠮᠬᠢ ᠵᠢᠷᠤᠮ ᠲᠠᠢ ᠠᠬᠢᠭᠤᠯᠬᠤ ᠳᠤ | ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠦᠭᠦ ᠤᠯᠤᠰ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠰᠠᠯᠠᠭ᠎ᠠ ᠮᠥᠴᠢᠷ ᠪᠠ ᠣᠷᠣᠨ ᠨᠤᠲᠤᠭ ᠲᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ | ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ ᠨᠥᠭᠦᠭᠡ ᠲᠠᠯ᠎ᠠ ᠪᠠᠷ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠡᠷᠬᠡ ᠣᠯᠭᠤᠨ ᠡᠵᠡᠩᠨᠡᠭᠦᠯᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ | ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠢᠲᠡᠭᠡᠮᠵᠢ ᠶᠢᠨ ᠮᠡᠳᠡᠭᠡ | ᠵᠠᠩᠭᠢ ᠶᠢ ᠴᠢᠯᠦᠭᠡᠲᠡᠢ ᠨᠡᠭᠡᠭᠡᠨ᠎ᠡ᠃ | ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ | ᠴᠢᠩᠭᠠᠷᠠᠭᠤᠯᠤᠨ᠎ᠠ | ᠰᠠᠨᠠᠯ ᠳᠤ᠂ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠪᠣᠯᠣᠨ | ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠢ ᠬᠤᠯᠪᠣᠯᠳᠤᠨ ᠨᠡᠪᠲᠡᠷᠡᠯᠴᠡᠬᠦ᠂ | ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠪᠠᠷ ᠵᠢᠱᠢᠶᠡᠯᠡᠪᠡᠯ᠂ ᠪᠦᠭᠦ ᠤᠯᠤᠰ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠨᠢ ᠨᠢᠭᠡᠨᠲᠡ ᠨᠡᠶᠢᠲᠡ 35.7 | ᠳ᠋ᠦᠩᠰᠢᠭᠤᠷ ᠵᠤᠷᠪᠤᠰ ᠵᠠᠮ ᠬᠠᠷᠢᠯᠴᠠᠭᠠᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠨᠡᠶᠢᠭᠡᠮ ᠳᠤ | 5900 ᠭᠠᠷᠤᠢ ᠲᠦᠮᠡᠨ ᠵᠤᠷᠪᠤᠰ ᠪᠠᠶᠢᠴᠠᠭᠠᠬᠤ ᠳᠤ ᠪᠡᠯᠡᠳᠬᠡᠬᠦ ᠮᠡᠳᠡᠭᠡ ᠵᠠᠩᠭᠢ ᠶᠢ ᠬᠠᠩᠭᠠᠵᠤ᠂ ᠡᠯ᠎ᠡ ᠱᠠᠲᠤᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠮᠠᠯ ᠵᠠᠮ ᠤᠰᠤᠨ ᠵᠠᠮ ᠤᠨ ᠡᠵᠡᠩᠨᠡᠯᠲᠡ ᠶᠢᠨ ᠭᠤᠣᠯ | ᠴᠣᠭᠴᠠ ᠶᠢᠨ ᠣᠨᠳᠣᠣ ᠭᠠᠵᠠᠷ ᠲᠤ ᠡᠵᠡᠩᠨᠡᠯᠲᠡ ᠬᠢᠵᠦ ᠠᠵᠢᠯ ᠡᠷᠭᠢᠯᠡᠵᠦ ᠪᠠᠶᠢᠭ᠎ᠠ ᠪᠠᠶᠢᠳᠠᠯ ᠢ ᠨᠠᠩ ᠰᠠᠶᠢᠲᠤᠷ | ᠡᠵᠡᠮᠰᠢᠬᠦ ᠶᠢ ᠲᠤᠯᠭᠠᠭᠤᠷᠢᠯᠠᠪᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠡᠷᠭᠢᠯᠡᠭᠴᠢ | ᠯᠢᠦ ᠫᠧᠩ ᠹᠧᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠢᠭᠡᠳ ᠪᠦᠭᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠨᠢᠭᠡᠨᠲᠡ︽ᠶᠡᠷᠦᠩᠬᠡᠢ ᠪᠠᠶᠢᠳᠠᠯ︾ ᠢ ᠬᠠᠮᠲᠤ ᠪᠠᠷ ᠡᠳ᠋ᠯᠡᠬᠦ ᠵᠠᠮ ᠢ | ᠪᠠᠶᠢᠭᠤᠯᠵᠤ᠂ ᠮᠡᠳᠡᠭᠡ ᠵᠠᠩᠭᠢ ᠶᠢᠨ ᠳ᠋ᠠᠶᠢᠲ᠋ᠠ ᠶᠢᠨ ᠪᠦᠲᠦᠮᠵᠢᠲᠡᠶ ᠰᠣᠯᠢᠯᠴᠠᠭ᠎ᠠ ᠶᠢ ᠴᠢᠩᠭᠠᠳᠬᠠᠵᠠᠢ ᠭᠡᠵᠦ | ᠲᠠᠨᠢᠯᠴᠠᠭᠤᠯᠪᠠ᠃ | ︽ᠡᠨᠡ ᠵᠢᠯ ᠪᠢᠳᠡ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠵᠦᠢᠯ ᠵᠤᠷᠪᠤᠰ ᠪᠠ ᠵᠢᠷᠤᠮᠵᠢᠯ ᠢ ᠨᠠᠶᠢᠷᠠᠭᠤᠯᠤᠨ ᠳᠠᠷᠤᠮᠠᠯᠯᠠᠨ ᠲᠠᠷᠬᠠᠭᠠᠵᠤ᠂ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ ᠬᠡᠪᠴᠢᠶ᠎ᠡ ᠪᠠ ᠳ᠋ᠠᠶᠢᠲ᠋ᠠ ᠶᠢ ᠬᠠᠮᠲᠤ ᠪᠠᠷ ᠡᠳ᠋ᠯᠡᠬᠦ ᠪᠠᠷᠢᠮᠵᠢᠶ᠎ᠠ ᠶᠢ ᠲᠣᠳᠣᠷᠬᠠᠢ ᠵᠠᠭᠠᠭᠯᠠᠨ | ᠲᠣᠭᠲᠠᠭᠠᠪᠠ︾᠃ ᠯᠢᠦ ᠫᠧᠩ ᠹᠧᠢ᠂ ᠲᠠᠷᠠᠭᠠᠴᠢ ᠶᠢᠨ ᠠᠯᠬᠤᠮ ᠳᠤ ᠵᠢᠷᠤᠮᠵᠢᠭᠤᠯᠤᠨ ᠨᠠᠶᠢᠳᠠᠪᠤᠷᠢᠵᠢᠭᠤᠯᠬᠤ ᠶᠢ | ᠦᠷᠭᠦᠯᠵᠢᠯᠡᠨ ᠠᠬᠢᠭᠤᠯᠵᠤ᠂ ︽ᠨᠢᠭᠡ ᠭᠠᠵᠠᠷ ᠲᠤ ᠪᠦᠭᠦ ᠤᠯᠤᠰ ᠤᠨ ᠬᠢ ᠶᠢ ᠪᠠᠶᠢᠴᠠᠭᠠᠵᠤ ᠳᠡᠶᠢᠯᠭᠦ᠂ ᠣᠨᠳᠣᠣ | ᠭᠠᠵᠠᠷ ᠲᠤ ᠴᠠᠭ ᠲᠤᠬᠠᠢ ᠳᠤᠨᠢ ᠬᠠᠮᠲᠤ ᠪᠠᠷ ᠡᠳ᠋ᠯᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ ᠭᠡᠵᠦ | ᠢᠯᠡᠳᠬᠡᠪᠡ᠃ | ᠡᠭᠦᠨ ᠠᠴᠠ ᠭᠠᠳᠠᠨ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠣᠶᠢᠷ᠎ᠠ ᠶᠢᠨ ᠵᠢᠯ ᠳᠤ ᠢᠲᠡᠭᠡᠮᠵᠢ ᠶᠢᠨ | ᠦᠨᠡᠯᠡᠯᠲᠡ ᠪᠠᠷ ᠰᠠᠭᠤᠷᠢ ᠪᠤᠯᠭᠠᠬᠰᠠᠨ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ | ᠠᠬᠢᠭᠤᠯᠪᠠ᠃ ᠯᠢᠦ ᠫᠧᠩ ᠹᠧᠢ᠂ ᠢᠲᠡᠭᠡᠮᠵᠢ ᠶᠢᠨ ᠦᠨᠡᠯᠡᠯᠲᠡ ᠶᠢ ᠨᠡᠶᠢᠳᠡᠮ ᠪᠦᠷᠬᠦᠭᠦᠯᠬᠦ ᠶᠢ ᠪᠦᠭᠦ ᠲᠠᠯ᠎ᠠ ᠪᠠᠷ | ᠠᠬᠢᠭᠤᠯᠬᠤ᠂ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠭᠤᠣᠯᠳᠠᠯᠭ᠎ᠠ ᠲᠠᠢ ᠠᠬᠢᠭᠤᠯᠬᠤ᠂ ᠣᠷᠣᠨ ᠪᠦᠰᠡ ᠶᠢᠨ | ᠬᠠᠮᠵᠢᠯᠴᠠᠨ ᠬᠢᠨᠠᠨ ᠬᠠᠮᠢᠶᠠᠷᠬᠤ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠪᠠᠷ | ᠳᠠᠮᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠢᠲᠡᠭᠡᠮᠵᠢ ᠶᠢᠨ ᠦᠨᠡᠯᠡᠯᠲᠡ ᠶᠢᠨ ᠬᠡᠷᠡᠭᠯᠡᠭᠡᠨ ᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠢᠲᠡᠭᠡᠮᠵᠢ ᠶᠢᠨ ᠠᠷᠠᠳ ᠲᠤ ᠲᠥᠭᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠦᠢᠯᠡᠳᠦᠯ ᠢ ᠢᠳᠡᠪᠬᠢᠲᠡᠢ ᠪᠠᠳᠠᠷᠠᠭᠤᠯᠪᠠ ᠭᠡᠵᠦ ᠲᠠᠨᠢᠯᠴᠠᠭᠤᠯᠪᠠ᠃ | ᠢᠲᠡᠭᠡᠮᠵᠢᠲᠡᠢ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠦᠨ᠎ᠡ | ᠰᠠᠨᠠᠯ ᠳᠤ᠂ ᠢᠲᠡᠭᠡᠮᠵᠢᠲᠦ ᠪᠡᠯᠡ ᠬᠤᠷᠠᠮᠳᠤᠭᠤᠯᠭ᠎ᠠ ᠪᠠ ᠢᠲᠡᠭᠡᠮᠵᠢᠲᠦ ᠠᠷᠠᠯᠵᠢᠶ᠎ᠠ ᠶᠢ ᠭᠦᠨᠵᠡᠭᠡᠢ | ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠨᠢ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠪᠣᠯᠣᠮᠵᠢᠲᠤ ᠴᠢᠨᠠᠷ ᠢ ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠲᠠᠢ ᠶᠤᠮ᠃ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠵᠤᠷᠭᠠᠨ ᠤ ᠳᠠᠷᠤᠭ᠎ᠠ ᠵᠢᠶᠠᠩ ᠫᠢᠩ᠂ ᠪᠠᠭ᠎ᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠪᠡᠯᠡ ᠬᠤᠷᠠᠮᠳᠤᠭᠤᠯᠬᠤ ᠪᠣᠯᠣᠮᠵᠢᠲᠤ ᠴᠢᠨᠠᠷ ᠪᠠ ᠲᠥᠭᠦᠮ | ᠦᠵᠡᠭᠦᠯᠭᠦ ᠴᠢᠨᠠᠷ ᠢ ᠳᠡᠭᠡᠭᠰᠢᠯᠡᠭᠦᠯᠭᠦ ᠴᠢᠬᠤᠯᠠ ᠭᠠᠷᠳᠠᠴᠠ ᠪᠤᠯᠭᠠᠬᠤ ᠬᠡᠷᠡᠭᠲᠡᠢ ᠭᠡᠵᠦ ᠢᠯᠡᠳᠬᠡᠪᠡ᠃ | ᠵᠢᠶᠠᠩ ᠫᠢᠩ᠂ ᠨᠢᠳᠤᠨᠤᠨ ᠤ 10 ᠰᠠᠷ᠎ᠠ ᠠᠴᠠ ᠨᠠᠭᠠᠰᠢ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠣᠯᠣᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠲᠦᠷᠦᠭᠦᠯᠡᠨ︽ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠶᠢ ᠳᠡᠮᠵᠢᠬᠦ ᠵᠣᠬᠢᠴᠠᠭᠤᠯᠬᠤ | ᠠᠵᠢᠯ ᠤᠨ ᠲᠣᠭᠲᠠᠴᠠ︾ ᠶᠢ ᠪᠠᠶᠢᠭᠤᠯᠵᠤ᠂ ᠡᠯ᠎ᠡ ᠭᠠᠵᠠᠷ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠬᠦᠷᠴᠦ | ᠰᠤᠷᠪᠤᠯᠵᠢᠯᠠᠬᠤ ᠶᠢ ᠵᠣᠯᠭᠠᠭᠤᠯᠪᠠ᠃ ᠠᠵᠢᠯ ᠢ ᠠᠬᠢᠭᠤᠯᠬᠤ ᠳᠤᠮᠳᠠ᠂ ᠮᠠᠰᠢ ᠣᠯᠠᠨ ᠭᠠᠵᠠᠷ ᠣᠷᠣᠨ ᠲᠤᠬᠠᠢ ᠶᠢᠨ | ᠭᠠᠵᠠᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ᠂ ᠶᠡᠷᠦᠩᠬᠡᠶᠢᠯᠡᠭᠰᠡᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠤᠷᠪᠤᠯᠵᠢᠯᠠᠬᠤ᠂ ᠮᠡᠳᠡᠭᠦᠯᠬᠦ᠂ ᠰᠢᠭᠰᠢᠨ ᠰᠣᠩᠭᠤᠬᠤ᠂ | ᠬᠦᠷᠭᠡᠬᠦ᠂ ᠬᠠᠷᠢᠭᠤ ᠲᠤᠰᠬᠠᠬᠤ ᠵᠡᠷᠭᠡ ᠠᠯᠢ ᠣᠯᠠᠨ ᠰᠦᠯᠵᠢᠶᠡᠨ ᠳᠡᠭᠡᠷᠡᠬᠢ ᠵᠠᠭᠪᠤᠷ ᠢ ᠨᠡᠭᠡᠭᠡᠨ ᠬᠥᠭᠵᠢᠭᠦᠯᠵᠦ᠂ | ᠰᠤᠷᠪᠤᠯᠵᠢᠯᠠᠬᠤ ᠶᠢ ᠵᠣᠯᠭᠠᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠡᠢ ᠭᠡᠵᠦ ᠲᠠᠨᠢᠯᠴᠠᠭᠤᠯᠪᠠ᠃ | ᠪᠦᠷᠢᠳᠬᠡᠯ ᠢ ᠦᠨᠳᠦᠰᠦᠯᠡᠪᠡᠯ᠂ 2025 ᠣᠨ ᠤ 2 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠤᠯᠤᠰ ᠤᠨ | ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 33.9 | ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ 9. | 4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.8% ᠪᠠᠷ ᠨᠡᠮᠡᠭᠳᠡᠪᠡ᠃ | | ᠵᠢᠶᠠᠩ ᠫᠢᠩ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠦᠷᠭᠦᠯᠵᠢᠯᠡᠨ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠪᠠᠭ᠎ᠠ ᠵᠢᠵᠢᠭ ᠠᠵᠤ | ᠠᠬᠤᠶᠢᠯᠠᠯ ᠤᠨ ᠪᠡᠯᠡ ᠬᠤᠷᠠᠮᠳᠤᠭᠤᠯᠭ᠎ᠠ ᠶᠢ ᠳᠡᠮᠵᠢᠬᠦ ᠵᠣᠬᠢᠴᠠᠭᠤᠯᠬᠤ ᠠᠵᠢᠯ ᠤᠨ ᠲᠣᠭᠲᠠᠴᠠ︾ ᠶᠢ ᠭᠦᠨᠵᠡᠭᠡᠢ | ᠪᠣᠳᠠᠲᠠᠢ ᠬᠢᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠡᠷᠴᠢᠮ ᠢ ᠴᠢᠩᠭᠠᠷᠠᠭᠤᠯᠬᠤ ᠶᠢ ᠠᠬᠢᠭᠤᠯᠵᠤ᠂ ᠠᠩᠬᠠᠨ ᠤ | ᠵᠢᠭᠡᠯᠡᠯᠭᠡ᠂ ᠦᠷᠭᠦᠯᠵᠢᠯᠡᠭᠰᠡᠨ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠢᠲᠡᠭᠡᠮᠵᠢᠲᠡᠢ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠶᠢ ᠨᠠᠩ ᠰᠠᠶᠢᠲᠤᠷ | ᠬᠠᠩᠭᠠᠨ᠎ᠠ ᠭᠡᠵᠦ ᠢᠯᠡᠳᠬᠡᠪᠡ᠃ | ᠣᠯᠠᠨ ᠳᠡᠰ ᠳᠠᠪᠬᠤᠷᠭ᠎ᠠ ᠶᠢᠨ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠵᠠᠬ᠎ᠠ ᠳᠡᠯᠭᠡᠭᠦᠷ ᠢ ᠶᠡᠭᠡ | ᠪᠠᠷ ᠬᠥᠭᠵᠢᠭᠦᠯᠦᠨ᠎ᠡ | ᠵᠠᠬ᠎ᠠ ᠳᠡᠯᠭᠡᠭᠦᠷᠴᠢᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠪᠣᠯ ᠮᠠᠨ ᠤ | ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ | ᠪᠣᠯᠣᠨ᠎ᠠ᠃ ᠰᠠᠨᠠᠯ ᠳᠤ᠂ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠵᠠᠬ᠎ᠠ ᠳᠡᠯᠭᠡᠭᠦᠷ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ | ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠨᠠᠷᠢᠯᠢᠭᠵᠢᠭᠤᠯᠤᠨ᠎ᠠ ᠭᠡᠵᠦ ᠲᠣᠳᠣᠷᠬᠠᠶᠢᠯᠠᠪᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠷᠧᠨ ᠶᠦᠩ ᠮᠧᠶ᠂ ᠬᠤᠪᠢ ᠬᠥᠮᠥᠨ ᠤ ᠢᠲᠡᠭᠡᠮᠵᠢ ᠶᠢᠨ ᠮᠡᠳᠡᠭᠡ | ᠵᠠᠩᠭᠢ ᠴᠤᠭᠯᠠᠭᠤᠯᠬᠤ ᠲᠠᠢ ᠤᠶᠠᠯᠳᠤᠭᠤᠯᠤᠨ᠂ ᠠᠷᠠᠳ ᠤᠨ ᠪᠠᠩᠬᠢ︽ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ | ᠪᠦᠲᠦᠴᠡ ᠶᠢ ᠰᠢᠯᠢᠳᠡᠭᠵᠢᠭᠦᠯᠬᠦ᠂ ᠵᠣᠬᠢᠰᠲᠠᠢ ᠥᠷᠢᠰᠦᠯᠳᠦᠭᠦᠯᠬᠦ︾ ᠵᠠᠷᠴᠢᠮ ᠶᠣᠰᠣᠭᠠᠷ᠂ ᠤᠷᠢᠳ ᠬᠤᠵᠢᠳ ᠭᠤᠷᠪᠠᠨ | ᠵᠠᠬ᠎ᠠ ᠳᠡᠯᠭᠡᠭᠦᠷᠴᠢᠯᠡᠭᠰᠡᠨ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ | ᠵᠥᠪᠰᠢᠶᠡᠷᠡᠨ ᠪᠠᠶᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠥᠪ ᠲᠠᠢ ᠬᠠᠷᠢᠯᠴᠠᠨ ᠨᠥᠬᠦᠪᠦᠷᠢᠯᠡᠵᠦ᠂ | ᠬᠠᠮᠵᠢᠯᠴᠠᠨ ᠬᠥᠭᠵᠢᠭᠦᠯᠪᠡ᠃ 2024 ᠣᠨ ᠳᠤ᠂ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ | ᠴᠤᠭᠯᠠᠭᠤᠯᠬᠤ ᠪᠠᠶᠢᠭᠤᠯᠤᠮᠵᠢ ᠠᠴᠠ ᠢᠲᠡᠭᠡᠮᠵᠢ ᠶᠢᠨ ᠬᠤᠪᠢ ᠲᠣᠭᠲᠠᠭᠠᠬᠤ᠂ ᠢᠲᠡᠭᠡᠮᠵᠢ ᠶᠢᠨ ᠭᠦᠷᠥᠭ ᠵᠢᠷᠤᠬᠤ᠂ | ᠮᠡᠬᠡᠯᠡᠯ ᠢ ᠡᠰᠡᠷᠭᠦᠴᠡᠬᠦ ᠵᠡᠷᠭᠡ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡ ᠶᠢ | 700 ᠭᠠᠷᠤᠢ ᠳ᠋ᠦᠩᠰᠢᠭᠤᠷ ᠤᠳᠠᠭ᠎ᠠ ᠬᠠᠩᠭᠠᠪᠠ ᠭᠡᠵᠦ ᠢᠯᠡᠳᠬᠡᠪᠡ᠃ | ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠪᠠᠩᠬᠢ ᠨᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠡᠯ᠎ᠡ ᠲᠥᠷᠥᠯ ᠤᠨ ᠠᠵᠤ | ᠠᠬᠤᠶᠢᠯᠠᠯ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠳᠬᠡᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠲᠤᠰᠬᠠᠶᠢᠵᠢᠭᠰᠠᠨ᠂ ᠣᠨᠴᠠᠯᠢᠭᠲᠤ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠦᠢᠯᠡᠳᠬᠦᠨ | ᠪᠠ ᠦᠢᠯᠡᠴᠢᠯᠡᠭᠡ ᠬᠠᠩᠭᠠᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠨᠬᠭᠢ | ᠴᠤᠭᠯᠠᠭᠤᠯᠬᠤ ᠪᠠᠶᠢᠭᠤᠯᠤᠮᠵᠢ ᠶᠢᠨ ᠪᠡᠯᠡ ᠬᠤᠷᠠᠮᠳᠤᠭᠤᠯᠭ᠎ᠠ ᠶᠢᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ | ᠡᠵᠡᠩᠨᠡᠯᠲᠡ ᠳᠤ ᠣᠷᠤᠯᠴᠠᠬᠤ ᠶᠢ ᠳᠠᠮᠵᠢᠪᠡ᠃ | ᠳ᠋ᠠᠶᠢᠲ᠋ᠠ ᠳᠤ ᠢᠯᠡᠷᠡᠭᠦᠯᠦᠭᠰᠡᠨ ᠢᠶᠠᠷ᠂ 2024 ᠣᠨ ᠳᠤ᠂ 154 ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠠᠴᠠ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠨᠬᠭᠢ | ᠴᠤᠭᠯᠠᠭᠤᠯᠬᠤ ᠦᠢᠯᠡᠴᠢᠯᠡᠭᠡ ᠶᠢ 365 ᠳ᠋ᠦᠩᠰᠢᠭᠤᠷ ᠤᠳᠠᠭ᠎ᠠ ᠬᠠᠩᠭᠠᠪᠠ; 2024 ᠣᠨ ᠤ ᠡᠴᠦᠰ ᠪᠤᠯᠲᠠᠯ᠎ᠠ᠂ | ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠲᠠᠪᠴᠠᠩ ᠨᠢ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠳᠤ ᠨᠡᠶᠢᠲᠡ 700 ᠲᠦᠮᠡ ᠰᠢᠬᠠᠮ ᠦᠢᠯᠡᠴᠢᠯᠡᠵᠦ᠂ ᠪᠡᠯᠡ ᠬᠤᠷᠠᠮᠳᠤᠭᠤᠯᠭ᠎ᠠ ᠶᠢ ᠠᠬᠢᠭᠤᠯᠤᠭᠰᠠᠨ | ᠬᠡᠪᠴᠢᠶ᠎ᠡ ᠨᠢ 24 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ | ᠷᠧᠨ ᠶᠦᠩ ᠮᠧᠶ᠂ ᠠᠷᠠᠳ ᠤᠨ ᠪᠠᠩᠬᠢ ᠰᠠᠨᠠᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ᠂ ᠪᠣᠬᠢᠷᠳᠤᠯ | ᠦᠭᠡᠢ ᠬᠥᠭᠵᠢᠯᠲᠡ ᠵᠡᠷᠭᠡ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠵᠤ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠵᠠᠩᠭᠢ ᠶᠢᠨ ᠴᠥᠷᠬᠡᠯᠡᠭᠡ ᠵᠡᠷᠭᠡ | ᠰᠢᠨ᠎ᠡ ᠮᠡᠷᠭᠡᠵᠢᠯ ᠤᠨ ᠢᠲᠡᠭᠡᠮᠵᠢ ᠶᠢᠨ ᠮᠡᠳᠡᠭᠡ ᠵᠠᠨᠬᠭᠢ ᠴᠤᠭᠯᠠᠭᠤᠯᠬᠤ ᠬᠦᠷᠢᠶᠡᠨ ᠳᠠᠬᠢ ᠬᠡᠷᠡᠭᠯᠡᠯᠲᠡ ᠶᠢ | ᠭᠦᠨᠵᠡᠭᠡᠶᠢᠷᠡᠭᠦᠯᠬᠦ ᠶᠢᠨ ᠬᠠᠮᠲᠤ ᠨᠢᠭᠲᠠ ᠴᠢᠩᠭ᠎ᠠ ᠪᠥᠭᠡᠳ ᠪᠦᠲᠦᠮᠵᠢᠲᠡᠶ ᠢᠲᠡᠭᠡᠮᠵᠢ ᠶᠢᠨ ᠮᠡᠳᠡᠭᠡ ᠵᠠᠨᠬᠭᠢ | ᠴᠤᠭᠯᠠᠭᠤᠯᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠢᠲᠡᠭᠡᠮᠵᠢ ᠶᠢᠨ ᠮᠡᠳᠡᠭᠡ ᠵᠠᠨᠬᠭᠢ | ᠴᠤᠭᠯᠠᠭᠤᠯᠬᠤ ᠦᠢᠯᠡᠰ ᠤᠨ ᠬᠠᠤᠯᠢ ᠲᠣᠭᠲᠠᠭᠠᠯ ᠶᠣᠰᠣᠭᠠᠷ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠵᠦ | ᠢᠯᠡᠳᠬᠡᠪᠡ᠃ | | |