ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ | ᠳᠡᠭᠡᠭᠰᠢᠯᠡᠭᠦᠯᠭᠦ ᠳᠤᠮᠳᠠᠬᠢ ᠮᠥᠩᠭᠦᠨ ᠭᠦᠢᠯᠭᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤ ᠠᠷᠪᠢᠯᠠᠬᠤ | ᠵᠠᠬ᠎ᠠ ᠳᠡᠯᠭᠡᠭᠦᠷ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠢᠭᠡᠳ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ | ᠳᠠᠬᠢ ᠬᠤᠪᠢᠶᠠᠷᠢ ᠪᠠᠩᠬᠢ ᠣᠶᠢᠷ᠎ᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ | ᠶᠢᠨ ᠬᠠᠮᠲᠤ ︽ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ᠲᠣᠰ ︽ᠬᠡᠷᠡᠭᠵᠢᠭᠦᠯᠬᠦ ᠰᠠᠨᠠᠯ︾ ᠪᠣᠯ ᠮᠠᠨ ᠤ ᠣᠷᠣᠨ ᠤ | ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠠᠵᠤ ᠦᠢᠯᠡᠰ ᠢ ᠳᠡᠮᠵᠢᠬᠦ ᠠᠩᠬᠠᠳᠠᠭᠴᠢ ᠵᠢᠯᠤᠭᠤᠳᠬᠤ ᠴᠢᠨᠠᠷᠲᠠᠢ | ᠪᠢᠴᠢᠭ ᠮᠠᠲ᠋ᠧᠷᠢᠶᠠᠯ ᠪᠣᠯᠣᠨ᠎ᠠ᠃ | ᠣᠶᠢᠯᠠᠭᠠᠭᠰᠠᠨ ᠢᠶᠠᠷ᠂ ᠲᠤᠰ ︽ᠬᠡᠷᠡᠭᠵᠢᠭᠦᠯᠬᠦ ᠰᠠᠨᠠᠯ︾ ᠳᠤ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ | ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤᠨ ᠤ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠤᠲᠠ ᠪᠠᠯᠭᠠᠰᠤᠨ | ᠤ ᠤᠰᠤ ᠠᠷᠪᠢᠯᠠᠵᠤ ᠰᠦᠢᠳᠦᠯ ᠢ ᠪᠠᠭᠠᠰᠬᠠᠬᠤ᠂ ᠬᠡᠪ ᠤᠨ ᠪᠤᠰᠤ ᠤᠰᠤ ᠶᠢ ᠠᠰᠢᠭᠯᠠᠬᠤ᠂ ᠤᠰᠤ ᠠᠷᠪᠢᠯᠠᠬᠤ | ᠦᠢᠯᠡᠳᠬᠦᠨ ᠢ ᠦᠢᠯᠡᠳᠪᠦᠷᠢᠯᠡᠬᠦ ᠪᠠ ᠰᠢᠨᠡᠳᠬᠡᠨ ᠰᠣᠯᠢᠬᠤ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ᠂ ᠤᠰᠤ | ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ᠂ ᠤᠰᠤ ᠠᠷᠪᠢᠯᠠᠬᠤ ᠦᠢᠯᠡᠴᠢᠯᠡᠭᠡ ᠵᠡᠷᠭᠡ 8 | ᠭᠤᠣᠯᠳᠠᠯᠭ᠎ᠠ ᠲᠠᠢ ᠬᠦᠷᠢᠶᠡᠨ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠪᠠᠲᠤᠯᠠᠭ᠎ᠠ ᠶᠢᠨ ᠲᠣᠭᠲᠠᠴᠠ ᠶᠢ | ᠳᠤᠷᠠᠳᠤᠭᠰᠠᠨ ᠪᠠᠶᠢᠨ᠎ᠠ᠃ | ︽ᠬᠡᠷᠡᠭᠵᠢᠭᠦᠯᠬᠦ ᠰᠠᠨᠠᠯ︾ ᠳᠤ᠂ ᠳᠤᠮᠳᠠᠳᠤ ᠤᠯᠤᠰ ᠤᠨ ᠪᠠᠩᠬᠢ ᠪᠦᠭᠦ ᠣᠷᠣᠨ ᠤ ᠤᠰᠤ ᠠᠷᠪᠢᠯᠠᠬᠤ ᠠᠵᠤ | ᠦᠢᠯᠡᠰ ᠤᠨ ᠭᠤᠣᠯᠳᠠᠯᠭ᠎ᠠ ᠲᠠᠢ ᠬᠦᠷᠢᠶᠡᠨ ᠤ ᠪᠡᠶᠡᠴᠢ ᠴᠣᠭᠴᠠ ᠳᠤ 100 ᠳ᠋ᠦᠩᠰᠢᠭᠤᠷ ᠲᠥᠭᠦᠷᠢᠭ ᠠᠴᠠ | ᠳᠣᠣᠷ᠎ᠠ ᠦᠭᠡᠢ ᠰᠠᠨᠠᠮᠵᠢ ᠶᠢᠨ ᠴᠢᠨᠠᠷᠲᠠᠢ ᠪᠡᠯᠡ ᠬᠤᠷᠠᠮᠳᠤᠭᠤᠯᠭ᠎ᠠ ᠶᠢᠨ ᠳᠡᠮᠵᠢᠯᠭᠡ ᠬᠠᠩᠭᠠᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠪᠣᠬᠢᠷᠳᠤᠯ ᠦᠭᠡᠢ ᠵᠢᠭᠡᠯᠡᠯᠭᠡ᠂ ᠳᠡᠭᠡᠳᠦ ᠲᠠᠰ | ᠤᠨ ᠦᠢᠯᠡᠳᠬᠦ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠦᠦ ᠮᠥᠩᠭᠦ ᠶᠢᠨ ᠬᠠᠷᠠᠭᠠᠯᠵᠠᠯ ᠤᠨ ᠲᠥᠷᠥ | ᠶᠢᠨ ᠪᠣᠳᠣᠯᠭ᠎ᠠ ᠶᠢ ᠭᠦᠷᠲᠡᠭᠡᠨ᠎ᠡ᠃ ᠤᠰᠤ ᠠᠷᠪᠢᠯᠠᠬᠤ ᠲᠥᠷᠥᠯ ᠵᠦᠢᠯ ᠤᠨ ᠠᠵᠢᠯᠯᠠᠭᠠᠨ ᠤ ᠦᠶᠡᠯᠡᠯ ᠤᠨ | ᠬᠤᠭᠤᠴᠠᠭ᠎ᠠ ᠶᠢ ᠦᠨᠳᠦᠰᠦᠯᠡᠨ ᠵᠢᠭᠡᠯᠡᠯᠭᠡ ᠪᠤᠴᠠᠭᠠᠬᠤ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠵᠤ᠂ | ᠠᠮᠢᠳᠤᠯᠢᠭ ᠠᠷᠭ᠎ᠠ ᠭᠡᠯᠪᠡᠷᠢ ᠪᠠᠷ ᠲᠥᠷᠥᠯ ᠵᠦᠢᠯ ᠤᠨ ᠵᠢᠭᠡᠯᠡᠯᠭᠡ ᠪᠤᠴᠠᠭᠠᠬᠤ ᠳᠠᠷᠤᠯᠲᠠ ᠶᠢ ᠪᠦᠲᠦᠮᠵᠢᠲᠡᠶ | ᠨᠠᠮᠳᠠᠭᠤᠯᠤᠨ᠎ᠠ᠃ ᠨᠥᠬᠦᠴᠡᠯ ᠳᠤ ᠨᠡᠶᠢᠴᠡᠬᠦ ᠤᠰᠤ ᠬᠡᠷᠡᠭᠯᠡᠬᠦ ᠪᠡᠶᠡᠴᠢ ᠴᠣᠭᠴᠠ ᠶᠢ ᠤᠷᠢᠳ ᠢᠶᠠᠷ ᠭᠤᠣᠯᠳᠠᠯᠭ᠎ᠠ ᠲᠠᠢ | ᠬᠠᠷᠢᠴᠠᠭᠠᠨ ᠤ ᠡᠷᠦᠭᠡ ᠶᠢᠨ ᠬᠠᠮᠢᠶᠠᠷᠤᠯᠲᠠ ᠳᠤ ᠣᠷᠣᠭᠤᠯᠵᠤ᠂ ᠢᠲᠡᠭᠡᠮᠵᠢ ᠣᠯᠭᠤᠵᠤ ᠬᠢᠨᠠᠨ ᠵᠥᠪᠰᠢᠶᠡᠷᠡᠭᠦᠯᠬᠦ | ᠰᠠᠭᠠᠳ ᠦᠭᠡᠢ ᠨᠡᠪᠲᠡᠷᠡᠬᠦ ᠵᠠᠮ ᠢ ᠭᠤᠶᠤᠴᠢᠯᠠᠬᠤ ᠶᠢ ᠳᠡᠮᠵᠢᠵᠦ᠂ ᠢᠵᠢ ᠪᠦᠷᠢᠳᠦᠭᠰᠡᠨ ᠪᠡᠯᠡ ᠬᠤᠷᠠᠮᠳᠤᠭᠤᠯᠭ᠎ᠠ ᠶᠢᠨ | ᠪᠤᠳᠠᠲᠠᠶᠢᠵᠢᠭᠤᠯᠤᠯᠲᠠ ᠶᠢ ᠠᠭᠢᠭᠤᠯᠤᠨ᠎ᠠ᠃ ᠶᠡᠷᠦᠩᠬᠡᠶᠢᠯᠡᠭᠰᠡᠨ ᠦᠢᠯᠡᠴᠢᠯᠡᠭᠡᠨ ᠤ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠤᠰᠤ ᠠᠷᠪᠢᠯᠠᠬᠤ ᠲᠥᠷᠥᠯ ᠵᠦᠢᠯ ᠤᠨ ᠪᠡᠯᠡ ᠬᠤᠷᠠᠮᠳᠤᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ | ᠪᠦᠭᠦ ᠶᠠᠪᠤᠴᠠ ᠶᠢᠨ ᠦᠢᠯᠡᠳᠬᠦᠨ ᠤ ᠦᠢᠯᠡᠴᠢᠯᠡᠭᠡᠨ ᠤ ᠰᠢᠰᠲ᠋ᠧᠮ ᠪᠠ ᠲᠣᠭᠠᠴᠢᠯᠠᠭᠰᠠᠨ ᠦᠢᠯᠡᠴᠢᠯᠡᠭᠡ ᠬᠠᠩᠭᠠᠨ᠎ᠠ | ᠭᠡᠵᠦ ᠳᠤᠷᠠᠳᠴᠠᠢ᠃ | ︽ᠬᠡᠷᠡᠭᠵᠢᠭᠦᠯᠬᠦ ᠰᠠᠨᠠᠯ︾ ᠳᠤ᠂ ᠵᠠᠰᠠᠭ ᠤᠨ ᠣᠷᠳᠣᠨ ᠪᠠᠩᠬᠢ ᠬᠠᠮᠲᠤᠷᠠᠯᠴᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ ᠬᠢᠭᠡᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠤᠰᠤ ᠠᠷᠪᠢᠯᠠᠬᠤ ᠠᠵᠤ ᠦᠢᠯᠡᠰ | ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠲᠥᠷᠥᠯ ᠵᠦᠢᠯ ᠢ ᠵᠣᠯᠭᠠᠭᠤᠯᠬᠤ ᠲᠣᠭᠲᠠᠴᠠ ᠶᠢ | ᠪᠦᠭᠦ ᠲᠠᠯ᠎ᠠ ᠪᠠᠷ ᠪᠠᠶᠢᠭᠤᠯᠵᠤ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ | ᠬᠥᠮᠥᠷᠭᠡ ᠪᠠᠶᠢᠭᠤᠯᠤᠨ᠂ ᠤᠰᠤ ᠠᠷᠪᠢᠯᠠᠬᠤ ᠠᠵᠤ ᠦᠢᠯᠡᠰ ᠤᠨ ᠬᠦᠷᠢᠶᠡᠨ ᠤ ᠭᠤᠣᠯᠳᠠᠯᠭ᠎ᠠ ᠲᠠᠢ ᠠᠵᠤ ᠠᠬᠤᠶᠢᠯᠠᠯ | ᠳᠤ ᠦᠢᠯᠡᠴᠢᠯᠡᠵᠦ᠂ ᠤᠰᠤ ᠠᠷᠪᠢᠯᠠᠬᠤ ᠬᠦᠷᠢᠶᠡᠨ ᠤ ᠵᠢᠱᠢᠶ᠎ᠡ ᠦᠵᠡᠭᠦᠯᠭᠦ ᠳᠠᠭᠠᠭᠤᠯᠤᠭᠴᠢ ᠶᠢ ᠪᠤᠶ ᠪᠣᠯᠭᠠᠨ᠎ᠠ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠭᠦ ᠣᠷᠣᠨ ᠤ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠤᠮᠳᠠᠳᠤ ᠤᠯᠤᠰ ᠤᠨ | ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠡᠯ᠎ᠡ ᠱᠠᠲᠤᠨ ᠤ ᠬᠤᠪᠢᠶᠠᠷᠢ ᠰᠠᠯᠪᠤᠷᠢ ᠪᠠᠶᠢᠭᠤᠯᠤᠮᠵᠢ᠂ | ᠤᠰᠤ ᠠᠷᠪᠢᠯᠠᠬᠤ ᠠᠵᠤ ᠦᠢᠯᠡᠰ ᠤᠨ ᠲᠥᠷᠥᠯ ᠵᠦᠢᠯ ᠪᠣᠯᠣᠨ ᠬᠠᠤᠯᠢ ᠶᠢᠨ ᠡᠷᠬᠡᠲᠡᠨ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠥᠷᠢ ᠥᠭᠴᠡᠭᠡ ᠶᠢᠨ ᠭᠡᠷ᠎ᠡ ᠠᠴᠠ ᠵᠥᠷᠢᠴᠡᠬᠦ ᠲᠦᠭᠰᠢᠭᠦᠷᠢ ᠠᠴᠠ | ᠵᠠᠶᠢᠯᠠᠰᠬᠢᠬᠦ ᠬᠡᠷᠡᠭᠲᠡᠢ ᠭᠡᠵᠦ ᠳᠤᠷᠠᠳᠴᠠᠢ᠃ | | |