ᠲᠦᠷᠦᠭᠦᠦ 2 ᠰᠠᠷ᠎ᠠ ᠶᠢᠨ ᠪᠦᠭᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 21.7 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2025/4/8
     ᠰᠤᠷᠪᠤᠯᠵᠢᠯᠠᠬᠴᠢ ᠭᠦᠭᠡᠬᠤᠲᠠ ᠪᠣᠭᠤᠮᠲᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 2 ᠰᠠᠷ᠎ᠠ ᠳᠤ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 21.7 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ ᠢᠳᠡᠰᠢᠨ ᠨᠣᠭᠤᠭ᠎ᠠ ᠵᠢᠴᠢ ᠢᠳᠡᠰᠢᠨ ᠮᠥᠭᠦ ᠶᠢᠨ ᠭᠠᠳᠠᠭᠠᠳᠤ ᠭᠠᠷᠭᠠᠯᠲᠠ ᠶᠢᠨ ᠬᠡᠮᠵᠢᠶ᠎ᠡ 2.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.8% ᠪᠠᠷ ᠨᠡᠮᠡᠭᠳᠡᠵᠦ᠂ ᠬᠠᠳᠠᠭᠠᠬᠰᠠᠨ ᠭᠤᠸᠠ ᠵᠢᠮᠢᠰ ᠪᠠ ᠰᠢᠨ᠎ᠡ ᠰᠣᠷᠭᠤᠭ ᠭᠤᠸᠠ ᠵᠢᠮᠢᠰ ᠵᠢᠴᠢ ᠬᠠᠯᠢᠰᠤᠯᠢᠭ ᠵᠢᠮᠢᠰ ᠤᠨ ᠭᠠᠳᠠᠭᠠᠳᠤ ᠭᠠᠷᠭᠠᠯᠲᠠ ᠶᠢᠨ ᠬᠡᠮᠵᠢᠶ᠎ᠡ 3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 53.5% ᠪᠠᠷ ᠨᠡᠮᠡᠭᠳᠡᠵᠦ᠂ ᠨᠡᠮᠡᠭᠳᠡᠯ ᠤᠨ ᠪᠠᠶᠢᠳᠠᠯ ᠢᠯᠡᠳᠲᠡ ᠰᠠᠶᠢᠵᠢᠷᠠᠪᠠ᠃      ᠤᠯᠠᠮᠵᠢᠯᠠᠯᠲᠤ ᠵᠠᠬ᠎ᠠ ᠳᠡᠯᠭᠡᠭᠦᠷ ᠤᠨ ᠲᠠᠯ᠎ᠠ ᠪᠠᠷ᠂ ᠮᠠᠨ ᠤ ᠣᠷᠣᠨ ᠤ ᠣᠷᠣᠰ ᠲᠠᠬᠢ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 4.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26% ᠪᠠᠷ ᠨᠡᠮᠡᠭᠳᠡᠪᠡ᠃ ᠮᠣᠩᠭᠤᠯ ᠤᠯᠤᠰ ᠲᠠᠬᠢ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠦᠷᠳᠡᠭ 9000 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 91.2% ᠢᠶᠠᠷ ᠨᠡᠮᠡᠭᠳᠡᠪᠡ᠃      ᠪᠠᠶᠠᠨᠨᠠᠭᠤᠷ ᠪᠣᠯ ︽ᠥᠪᠥᠷ ᠮᠣᠩᠭᠤᠯ ᠨᠡᠷᠡᠮᠵᠢᠲᠦ︾ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠳᠠᠭᠠᠭᠤᠯᠤᠭᠴᠢ ᠪᠠᠶᠢᠵᠤ᠂ ᠣᠨᠴᠠᠯᠢᠭᠲᠤ ᠦᠷ᠎ᠡ ᠶᠢᠨ ᠴᠥᠮ᠎ᠡ᠂ ᠲᠥᠪᠡᠳ ᠬᠠᠰᠢ ᠶᠢᠨ ᠪᠦᠲᠦᠭᠡᠭᠳᠡᠬᠦᠨ᠂ ᠰᠢᠨ᠎ᠡ ᠰᠣᠷᠭᠤᠭ ᠯᠠᠵᠤᠤ᠂ ᠤᠰᠤ ᠦᠭᠡᠶᠢᠳᠡᠭᠦᠯᠦᠭᠰᠡᠨ ᠢᠳᠡᠰᠢᠨ ᠨᠣᠭᠤᠭ᠎ᠠ᠂ ᠠᠮᠲᠠᠲᠤ ᠡᠷᠳᠡᠨᠢ ᠰᠢᠰᠢ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠡᠷᠦᠩᠬᠡᠢ ᠲᠣᠭᠠᠨ ᠤ ᠲᠤᠯᠤᠭᠠᠨ ᠬᠤᠪᠢ ᠶᠢ ᠡᠵᠡᠯᠡᠵᠦ ᠪᠠᠶᠢᠳᠠᠭ᠃      ︽ᠨᠢᠳᠤᠨᠤᠨ᠂ ᠮᠠᠨ ᠤ ᠭᠠᠳᠠᠭᠠᠳᠤ ᠳᠤ ᠭᠠᠷᠭᠠᠭᠰᠠᠨ ᠦᠷ᠎ᠡ ᠶᠢᠨ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠤ ᠲᠦᠭᠦᠬᠡᠢ ᠢᠳᠡᠭᠡᠰᠢᠭᠰᠡᠨ ᠮᠠᠲ᠋ᠧᠷᠢᠶᠠᠯ᠂ ᠳᠡᠭᠡᠳᠦ ᠲᠠᠰ ᠤᠨ ᠬᠠᠯᠢᠰᠤᠯᠢᠭ ᠵᠢᠮᠢᠰ ᠤᠨ ᠪᠠᠷᠠᠭᠠᠨ ᠤ ᠥᠷᠲᠡᠭ 2 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ ᠠᠷᠪᠠ ᠭᠠᠷᠤᠢ ᠬᠤᠪᠢ ᠨᠡᠮᠡᠭᠳᠡᠪᠡ᠃ ᠢᠯᠠᠩᠭᠤᠶ᠎ᠠ ᠥᠨᠳᠥᠷ ᠨᠡᠮᠡᠯᠲᠡ ᠥᠷᠲᠡᠭ ᠪᠦᠬᠦᠢ ᠬᠠᠭᠤᠷᠤᠭᠰᠠᠨ ᠨᠡᠷᠡᠨ ᠬᠤᠸᠠᠷ ᠤᠨ ᠦᠷ᠎ᠡ ᠵᠡᠭᠦᠨ ᠡᠮᠦᠨᠡᠲᠦ ᠠᠽᠢᠶ᠎ᠠ ᠶᠢᠨ ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ ᠪᠠᠶᠢᠨ᠎ᠠ︾ ᠭᠡᠵᠦ ᠪᠠᠶᠠᠨᠨᠠᠭᠤᠷ ᠬᠤᠲᠠ ᠶᠢᠨ ᠯᠢ ᠨᠢᠦ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠶᠠᠷᠢᠪᠠ᠃ᠭ᠊      ‍ᠦ᠋ᠭᠡᠬᠤᠲᠠ ᠪᠣᠭᠤᠮᠲᠠ ᠶᠢᠨ ᠬᠠᠷᠢᠶᠠᠨ ᠳᠠᠬᠢ ᠤᠷᠠᠳ ᠪᠣᠭᠤᠮᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠬᠤ ᠪᠠᠷ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠰᠠᠶᠢᠲᠠᠢ ᠤᠯᠠᠷᠢᠯ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠡᠳᠡᠨᠤᠰ ᠪᠣᠭᠤᠮᠲᠠ ᠶᠢᠨ ᠬᠡᠷᠡᠭᠯᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠰᠢᠯᠭᠠᠨ ᠪᠠᠶᠢᠴᠠᠭᠠᠯᠲᠠ ᠶᠢᠨ ᠦᠨᠡᠮᠯᠡᠯ ᠢ ᠰᠦᠯᠵᠢᠶᠡᠨ ᠳᠡᠭᠡᠷ᠎ᠡ ᠣᠯᠭᠤᠬᠤ᠂ ᠤᠭ ᠭᠠᠷᠤᠯᠲᠠ ᠶᠢᠨ ᠣᠷᠣᠨ ᠤ ᠦᠨᠡᠮᠯᠡᠯ ᠢ ᠰᠦᠯᠵᠢᠶᠡᠨ ᠳᠡᠭᠡᠷ᠎ᠡ ᠬᠢᠨᠠᠵᠤ ᠭᠠᠷ ᠤᠨ ᠥᠰᠥᠭ ᠵᠢᠷᠤᠬᠤ ᠵᠢᠴᠢ ᠥᠪᠡᠰᠦᠪᠡᠨ ᠳᠠᠷᠤᠮᠠᠯᠯᠠᠬᠤ ᠵᠡᠷᠭᠡ ᠲᠤᠬᠠᠶᠢᠯᠠᠭᠰᠠᠨ ᠠᠵᠢᠯ ᠤᠨ ᠵᠠᠭᠪᠤᠷ ᠢ ᠲᠦᠷᠭᠡᠨ ᠨᠡᠪᠲᠡᠷᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号